ᠳ᠋ᠢᠩ ᠺᠠᠢ ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/20
      3 ᠰᠠᠷ᠎ᠠ ᠶᠢᠨ 19 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠵᠠᠩ ᠵᠢᠶᠠᠨ᠂ ᠵᠠᠩ ᠶᠢᠩ ᠵᠢᠶᠧ ᠵᠢᠴᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠳ᠋ᠢᠩ ᠺᠠᠢ ᠨᠠᠷ ᠤᠷᠢᠳ ᠬᠤᠵᠢᠳ ᠱᠢ  ᠳ᠋ᠠᠢ ᠵᠢᠶᠠ ᠶᠤᠸᠠᠨ ᠪᠠᠭ᠎ᠠ ᠲᠣᠭᠤᠷᠢᠭ ᠤᠨ ︽ᠳᠤᠯᠠᠭᠠᠨ ᠢᠨᠵᠧᠨᠧᠷᠢᠩ︾ ᠵᠢᠴᠢ ᠬᠦᠴᠦᠷᠬᠡᠭᠵᠢᠯ ᠵᠠᠮ ᠤᠨ ᠳᠦᠷᠪᠡᠳᠦᠭᠡᠷ ᠬᠥᠷᠰᠢ ᠵᠡᠷᠭᠡᠯᠡᠳᠡᠭᠡ᠂ ᠰᠢᠶᠣᠣ ᠶᠢᠦ ᠡᡁᠸ ᠭᠤᠣᠯ ᠤᠨ ︽ᠬᠠᠪᠴᠢᠮᠠᠯ ᠪᠠᠶᠢᠰᠢᠩ︾ ᠢ ᠰᠢᠨᠡᠴᠢᠯᠡᠬᠦ᠂ ᠶᠢᠨ ᠶᠠᠩ ᠵᠠᠮ ᠤᠨ ᠪᠣᠷᠣᠭᠠᠨ ᠤ ᠤᠰᠤ ᠶᠢ ᠠᠭᠤᠯᠬᠤ ᠢᠨᠵᠧᠨᠧᠷᠢᠩ ᠵᠡᠷᠭᠡ ᠳᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠲᠤᠨᠢ ︽ᠳᠤᠯᠠᠭᠠᠨ  ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠳᠦᠷᠦᠯ ᠵᠦᠢᠯ ᠤᠨ ᠲᠥᠯᠦᠪᠵᠢᠭᠦᠯᠭᠡ ᠵᠢᠴᠢ ᠢᠨᠵᠧᠨᠧᠷᠢᠩ ᠤᠨ ᠠᠬᠢᠴᠠ ᠶᠢ ᠨᠠᠷᠢᠨ ᠣᠶᠢᠯᠠᠭᠠᠭᠰᠠᠨ ᠪ᠊ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠠᠷᠭ᠎ᠠ ᠬᠡᠮᠵᠢᠶ᠎ᠡ ᠰᠤᠳᠤᠯᠵᠤ᠂ ᠰᠢᠢᠳᠪᠦᠷᠢᠯᠡᠬᠦ ᠶᠢ ᠠᠬᠢᠭᠤᠯᠵᠠᠢ᠃       ᠳ᠋ᠢᠩ ᠺᠠᠢ᠂ ︽ᠳᠤᠯᠠᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠠᠴᠠ ᠲᠣᠳᠣᠷᠬᠠᠢ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠮᠥᠨ᠂ ᠣᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠪᠠ ᠠᠮᠤᠷ ᠲᠦᠪᠰᠢᠨ ᠠᠶᠤᠯ ᠲᠦᠭᠰᠢᠭᠦᠷᠢ ᠬᠦᠢᠲᠡᠨ ᠳᠤᠯᠠᠭᠠᠨ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤ ᠥᠭᠴᠦ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠵᠠᠰᠠᠭ ᠤᠨ ᠣᠷᠳᠣᠨ᠂ ᠠᠵᠤ ᠠᠬᠤᠶᠢᠯᠠᠯ ᠪᠠ ᠰᠠᠭᠤᠭᠠᠯᠢ ᠠᠷᠠᠳ ᠣᠯᠠᠨ ᠲᠠᠯ᠎ᠠ ᠪᠠᠷ ᠢᠶᠠᠨ ᠬᠠᠮᠵᠢᠯᠴᠠᠨ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠡᠮᠡᠴᠡᠨ ᠣᠯᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠠᠵᠢᠯᠯᠠᠵᠤ᠂ ᠣᠯᠠᠨ ᠲᠦᠮᠡᠨ ᠤ ᠳᠤᠯᠠᠭᠠᠯᠭ᠎ᠠ ᠶᠢᠨ ᠠᠰᠠᠭᠤᠳᠠᠯ ᠢ ᠰᠢᠰᠲ᠋ᠧᠮ ᠲᠠᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠴᠢᠩᠭ᠎ᠠ ᠱᠠᠭᠠᠷᠳᠠᠯᠭ᠎ᠠ ᠪᠠᠷ᠂ ᠥᠨᠳᠥᠷ ᠪᠠᠷᠢᠮᠵᠢᠶ᠎ᠠ ᠪᠠᠷ ︽ᠬᠠᠪᠴᠢᠮᠠᠯ ᠭᠡᠷ ᠪᠠᠶᠢᠰᠢᠩ︾ ᠢ ᠥᠭᠡᠷᠡᠴᠢᠯᠡᠬᠦ ᠠᠵᠢᠯ ᠢ ᠠᠬᠢᠭᠤᠯᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠭᠠᠷ ᠭᠦᠢᠴᠡᠳᠬᠡᠯ ᠭᠦᠢᠴᠡᠳᠬᠡᠬᠦ ᠠᠵᠢᠯ ᠢ ᠵᠡᠷᠭᠡ ᠪᠠᠷ ᠰᠠᠶᠢᠲᠤᠷ ᠬᠢᠵᠦ᠂ ᠰᠠᠭᠤᠭᠠᠯᠢ ᠠᠷᠠᠳ ᠢ ᠡᠷᠲᠡᠬᠡᠨ ᠰᠢᠨ᠎ᠡ ᠠᠰᠠᠷ ᠲᠤ ᠰᠠᠭᠤᠯᠭᠠᠬᠤ ᠶᠢ ᠦᠨᠡᠨ ᠬᠦ ᠪᠠᠲᠤᠯᠠᠵᠤ᠂ ︽ᠭᠡᠷ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠶᠢ ᠪᠡᠶᠡᠯᠡᠭᠦᠯᠬᠦ ᠬᠡᠷᠡᠭᠲᠡᠢ᠃ ᠪᠣᠷᠣᠭᠠᠨ ᠪᠣᠬᠢᠷᠲᠤᠯ ᠢ ᠰᠠᠯᠭᠠᠨ ᠲᠣᠬᠢᠷᠠᠭᠤᠯᠬᠤ ᠶᠡᠷᠦᠩᠬᠡᠶᠢᠯᠡᠭᠰᠡᠨ ᠵᠠᠰᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠤᠰᠤ ᠵᠠᠯᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠨᠠᠷᠢᠯᠢᠭ ᠤᠨᠤᠪᠴᠢᠲᠠᠢ ᠢᠶᠠᠷ ᠬᠡᠷᠡᠭᠵᠢᠭᠦᠯᠵᠦ᠂ ᠠᠷᠠᠳ ᠤᠯᠠᠨ ᠳᠤ ᠦᠨᠡᠨ ᠪᠣᠳᠠᠲᠠᠢ ᠬᠤᠪᠢᠷᠠᠯᠲᠠ ᠶᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号