ᠮᠦᠩᠬᠡᠵᠢᠯ ᠵᠠᠮ ᠤᠨ ᠵᠡᠭᠡᠯᠢ ᠭᠤᠳᠤᠮᠵᠢ ︽ᠭᠤᠷᠪᠠᠨ ᠠᠷᠭ᠎ᠠ ᠬᠡᠮᠵᠢᠶ᠎ᠡ︾ ᠪᠠᠷ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠪᠡ
ᠨᠡᠶᠢᠲᠡᠯᠡᠭᠰᠡᠨ ᠴᠠᠭ᠄
2024/3/21
      ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠲᠤᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠪᠠ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠡᠯᠰᠡᠬᠦ ᠠᠵᠢᠯ ᠤᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠪᠠᠲᠤ ᠡᠭᠦᠷᠭᠡᠯᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠦᠢᠯᠡᠳᠦᠯᠭᠡ ᠶᠢᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠳᠤ ᠰᠢᠯᠢᠳᠡᠭ ᠴᠡᠷᠢᠭ ᠢ ᠦᠷᠭᠦᠯᠵᠢᠯᠡᠨ  ᠬᠦᠷᠭᠡᠬᠦ ᠶᠢᠨ ᠲᠦᠯᠦᠭᠡ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠡᠭᠡᠳᠦ ᠱᠠᠲᠤᠨ ᠤ ᠴᠡᠷᠢᠭ ᠡᠯᠰᠡᠬᠦ ᠠᠵᠢᠯ ᠤᠨ ᠲᠤᠬᠠᠢ ᠵᠢᠭᠠᠪᠤᠷᠢ ᠱᠠᠭᠠᠷᠳᠠᠯᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ ᠴᠡᠷᠢᠭ ᠡᠯᠰᠡᠬᠦ ᠠᠵᠢᠯ ᠢ ᠲᠠᠶᠢᠴᠢᠯᠠᠨ ᠪᠠᠶᠢᠷᠢᠯᠠᠭᠤᠯᠵᠠᠢ᠃ ᠨᠢᠭᠡ ᠳᠤ ᠵᠣᠬᠢᠶᠠᠨ ᠪᠠᠶᠢᠭᠤᠯᠵᠤ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ 2024 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ  ᠲᠥᠯᠥᠪᠵᠢᠭᠦᠯᠬᠦ ᠪᠠᠨ ᠴᠢᠩᠭᠠᠳᠬᠠᠵᠤ᠂ ᠴᠡᠷᠢᠭ ᠡᠯᠰᠡᠬᠦ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠪᠠ᠃ ᠬᠤᠶᠠᠷ ᠲᠤ᠂ ᠤᠨᠢᠨ ᠳᠡᠭᠡᠷ᠎ᠡ ᠨᠢ ᠰᠠᠭᠤᠷᠢ ᠲᠤᠭ᠎ᠠ ᠶᠢ ᠣᠶᠢᠯᠠᠭᠠᠨ ᠵᠢᠭᠰᠠᠭᠠᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠵᠣᠬᠢᠬᠤ ᠨᠠᠰᠤᠨ ᠤ ᠵᠠᠯᠠᠭᠤᠴᠤᠳ ᠤᠨ ᠲᠤᠭ᠎ᠠ᠂ ᠪᠡᠶ᠎ᠡ ᠮᠠᠬᠠᠪᠤᠳ ᠤᠨ ᠪᠠᠶᠢᠳᠠᠯ᠂ ᠰᠣᠶᠣᠯ ᠤᠨ ᠬᠡᠮᠵᠢᠶ᠎ᠡ ᠵᠢᠴᠢ ᠪᠡᠶ᠎ᠡ ᠮᠠᠬᠠᠪᠤᠳ ᠤᠨ ᠬᠡᠪ ᠴᠢᠨᠠᠷ ᠵᠡᠷᠭᠡ ᠪᠠᠶᠢᠳᠠᠯ ᠢ ᠨᠠᠷᠢᠯᠢᠭ  ᠤᠨᠤᠪᠴᠢᠲᠠᠢ ᠢᠶᠠᠷ ᠣᠶᠢᠯᠠᠭᠠᠨ ᠵᠢᠭᠰᠠᠭᠠᠵᠤ᠂ ᠰᠦᠯᠵᠢᠶᠡᠨ ᠳᠡᠭᠡᠷ᠎ᠡ᠂ ᠰᠦᠯᠵᠢᠶᠡᠨ ᠠᠴᠠ ᠭᠠᠳᠠᠨ᠎ᠠ᠂ ᠡᠷᠦᠬᠡ ᠳᠤ ᠣᠷᠣᠬᠤ ᠵᠡᠷᠭᠡ ᠠᠷᠭ᠎ᠠ ᠮᠠᠶ᠋ᠢᠭ ᠢᠶᠠᠷ ᠴᠡᠷᠢᠭ ᠡᠯᠰᠡᠬᠦ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠴᠡᠷᠢᠭ ᠡᠯᠰᠡᠬᠦ ᠨᠡᠷ᠎ᠡ ᠮᠡᠳᠡᠭᠦᠯᠬᠦ ᠠᠷᠭ᠎ᠠ ᠮᠠᠶ᠋ᠢᠭ᠂ ᠪᠠᠷᠢᠮᠵᠢᠶ᠎ᠠ ᠨᠥᠬᠦᠴᠡᠯ᠂ ᠲᠠᠰ ᠳᠠᠷᠠᠭᠠᠯᠠᠯ ᠠᠯᠬᠤᠮ ᠳᠠᠷᠠᠭ᠎ᠠ᠂ ᠬᠠᠷᠠᠭᠠᠯᠵᠠᠯ ᠵᠡᠷᠭᠡ ᠠᠭᠤᠯᠭ᠎ᠠ ᠶᠢ ᠲᠠᠶᠢᠯᠪᠤᠷᠢᠯᠠᠵᠤ᠂ ᠴᠡᠷᠢᠭ ᠡᠯᠰᠡᠬᠦ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠪᠠ᠃ ᠭᠤᠷᠪᠠ ᠳᠤ ᠴᠡᠷᠢᠭ ᠤᠨ ᠴᠢᠨᠠᠷ ᠢ ᠴᠢᠩᠭ᠎ᠠ ᠠᠳᠬᠤᠨ᠎ᠠ᠃ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠴᠡᠷᠢᠭ ᠡᠯᠰᠡᠬᠦ ᠠᠵᠢᠯᠲᠠᠳ ᠢ ᠵᠣᠬᠢᠶᠠᠨ ᠪᠠᠶᠢᠭᠤᠯᠤᠨ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠴᠡᠷᠢᠭ ᠲᠤ ᠡᠯᠰᠡᠭᠳᠡᠭᠰᠡᠨ ᠵᠠᠯᠠᠭᠤᠴᠤᠳ ᠲᠤ ᠰᠤᠷᠪᠤᠯᠵᠢᠯᠠᠨ ᠪᠠᠶᠢᠴᠠᠭᠠᠯᠲᠠ ᠬᠢᠵᠦ᠂ ᠴᠡᠷᠢᠭ ᠲᠤ ᠡᠯᠰᠡᠭᠳᠡᠭᠰᠡᠨ ᠵᠠᠯᠠᠭᠤᠴᠤᠳ᠂ ᠭᠡᠷ ᠤᠨ ᠠᠬᠠᠮᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠤᠨ ᠲᠤᠰ ᠪᠡᠶ᠎ᠡ ᠵᠢᠴᠢ ᠲᠡᠳᠡᠨᠤᠰ ᠤᠨ ᠭᠡᠷ ᠤᠨ ᠬᠥᠮᠥᠰ ᠤᠨ ᠤᠯᠤᠰ ᠲᠦᠷᠦ ᠦᠵᠡᠯ ᠰᠠᠨᠠᠭ᠎ᠠ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠡᠰᠡᠬᠦ ᠵᠡᠷᠭᠡ ᠶᠢ ᠤᠯᠠᠨ ᠲᠠᠯ᠎ᠠ ᠠᠴᠠ ᠣᠶᠢᠯᠠᠭᠠᠵᠤ᠂ ᠴᠡᠷᠢᠭ ᠲᠤ ᠡᠯᠰᠡᠭᠳᠡᠭᠰᠡᠨ ᠤᠯᠤᠰ ᠲᠦᠷᠦ ᠶᠢᠨ ᠬᠢᠨᠠᠨ ᠪᠠᠶᠢᠴᠠᠭᠠᠯᠲᠠ ᠶᠢᠨ ᠶᠠᠰᠤ ᠴᠢᠨᠠᠷ ᠤᠨ ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠴᠡᠷᠢᠭ ᠠᠩᠭᠢ ᠳᠤ ᠰᠢᠯᠢᠳᠡᠭ ᠬᠢᠷᠢ ᠲᠡᠩᠴᠡᠭᠰᠡᠨ ᠴᠡᠷᠢᠭ ᠬᠦᠷᠭᠡᠬᠦ ᠶᠢ ᠪᠠᠲᠤᠯᠠᠪᠠ᠃       ᠤᠯᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ 2024 ᠣᠨ ᠤ ᠬᠠᠪᠤᠷ ᠤᠨ ᠤᠯᠠᠷᠢᠯ ᠳᠤ ᠴᠡᠷᠢᠭ ᠠᠩᠭᠢ ᠳᠤ 2 ᠰᠢᠯᠢᠳᠡᠭ ᠬᠢᠷᠢ ᠲᠡᠩᠴᠡᠭᠰᠡᠨ ᠴᠡᠷᠢᠭ ᠬᠦᠷᠭᠡᠵᠦ᠂ ᠬᠠᠪᠤᠷ ᠤᠨ ᠤᠯᠠᠷᠢᠯ ᠤᠨ ᠴᠡᠷᠢᠭ ᠡᠯᠰᠡᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠳᠠᠷᠠᠭᠠᠴᠢ ᠶᠢᠨ ᠠᠯᠬᠤᠮ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠬᠠᠯᠠᠮᠵᠢᠯᠠᠨ ᠬᠠᠶᠢᠷᠠᠯᠠᠬᠤ ᠶᠢ ᠰᠠᠶᠢᠲᠤᠷ ᠬᠢᠵᠦ᠂ ᠴᠡᠷᠢᠭ ᠲᠤ ᠣᠷᠣᠭᠰᠠᠨ ᠵᠠᠯᠠᠭᠤᠴᠤᠳ ᠤᠨ ᠭᠡᠷ ᠪᠦᠯᠢ ᠶᠢᠨ ᠪᠠᠶᠢᠳᠠᠯ ᠢ ᠠᠩᠬᠠᠷᠴᠤ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠤᠬᠠᠭᠤᠯᠬᠤ ᠪᠠ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠠᠷᠠᠭᠠᠯᠵᠠᠯ ᠤᠨ ᠮᠥᠩᠭᠦ ᠶᠢ ᠣᠨᠣᠪᠴᠢᠲᠠᠢ᠂ ᠭᠦᠢᠴᠡᠳ ᠲᠤᠭ᠎ᠠ ᠪᠠᠷ᠂ ᠴᠠᠭ ᠲᠤᠬᠠᠢ ᠳᠤᠨᠢ ᠣᠯᠭᠤᠬᠤ ᠶᠢ ᠪᠠᠲᠤᠯᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号