ᠪᠤᠭᠤᠲᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠴᠢᠩᠱᠠᠨ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠮᠠᠨ ᠤ ᠬᠤᠲᠠ ᠶᠢᠨ ᠠᠩᠬᠠᠳᠠᠭᠴᠢ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ + ᠠᠯᠪᠠᠨ ᠭᠡᠷᠡᠴᠢᠯᠡᠭᠡ︾ ᠶᠢᠨ ᠲᠤᠬᠠᠶᠢᠯᠠᠭᠰᠠᠨ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/3/21
      ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠨᠠᠷ ᠰᠠᠶᠢᠲᠠᠢ ᠦᠢᠯᠡᠴᠢᠯᠡᠭᠡᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠠᠩ ᠴᠢᠨᠠᠷ ᠰᠠᠶᠢᠲᠠᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠣᠶᠢᠷ᠎ᠠ ᠳᠤ᠂ ᠪᠤᠭᠤᠲᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠴᠢᠩᠱᠠᠨ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠬᠢᠭᠡᠳ ᠪᠤᠭᠤᠲᠤ ᠬᠤᠲᠠ ᠶᠢᠨ ᠬᠤᠩ ᠵᠢᠶᠠᠨ ᠠᠯᠪᠠᠨ ᠭᠡᠷᠡᠴᠢᠯᠡᠭᠡ ᠶᠢᠨ ᠭᠠᠵᠠᠷ ᠮᠠᠨ ᠤ ᠬᠤᠲᠠ ᠶᠢᠨ ᠠᠩᠬᠠᠳᠠᠭᠴᠢ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ + ᠠᠯᠪᠠᠨ ᠭᠡᠷᠡᠴᠢᠯᠡᠭᠡ︾ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠪᠠᠶᠢᠨ᠎ᠠ᠃ ᠬᠡᠷᠡᠭ ᠡᠷᠬᠢᠯᠡᠬᠦ ᠤᠯᠠᠨ ᠲᠦᠮᠡᠨ ᠠᠯᠪᠠᠨ ᠭᠡᠷᠡᠴᠢᠯᠡᠭᠡ ᠶᠢᠨ ᠭᠠᠵᠠᠷ ᠲᠤ ᠠᠯᠪᠠᠨ ᠭᠡᠷᠡᠴᠢᠯᠡᠭᠡ ᠬᠢᠯᠭᠡᠬᠦ ᠭᠤᠶᠤᠴᠢᠯᠠᠯ ᠪᠠ ᠦᠯᠦ ᠬᠥᠳᠡᠯᠬᠦ ᠬᠥᠷᠥᠩᠭᠡ ᠶᠢ ᠳᠠᠩᠰᠠᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠢ ᠨᠢᠭᠡ ᠯᠡ ᠤᠳᠠᠭ᠎ᠠ ᠳᠤ ᠲᠤᠰᠢᠶᠠᠵᠤ᠂ ᠥᠪ ᠵᠠᠯᠭᠠᠮᠵᠢᠯᠠᠯᠲᠠ ᠶᠢᠨ ᠠᠯᠪᠠᠨ ᠭᠡᠷᠡᠴᠢᠯᠡᠭᠡ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ᠂ ᠭᠠᠶᠢᠯᠢ ᠰᠦᠢᠳᠬᠡᠯ ᠲᠤᠰᠢᠶᠠᠬᠤ ᠵᠡᠷᠭᠡ ᠬᠤᠯᠪᠣᠭᠳᠠᠯ ᠪᠦᠬᠦᠢ ᠦᠢᠯᠡᠴᠢᠯᠡᠭᠡᠨ ᠤ ᠵᠦᠢᠯᠡᠰ ᠢ ᠰᠢᠭᠤᠳ ᠭᠦᠢᠴᠡᠳᠬᠡᠵᠦ᠂ ᠳᠠᠩᠰᠠᠯᠠᠯᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠤᠷᠠᠮᠠᠯ ᠦᠢᠯᠡᠴᠢᠯᠡᠭᠡᠨ ᠤ ᠵᠦᠢᠯᠡᠰ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ + ᠠᠯᠪᠠᠨ ᠭᠡᠷᠡᠴᠢᠯᠡᠭᠡ ᠬᠢᠬᠦ ᠳᠤ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠦᠨᠡᠨᠬᠦ ᠪᠡᠶᠡᠯᠡᠭᠦᠯᠪᠡ᠃       ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ + ᠠᠯᠪᠠᠨ ᠭᠡᠷᠡᠴᠢᠯᠡᠭᠡ︾ ᠶᠢᠨ ᠦᠢᠯᠡᠴᠢᠯᠡᠭᠡᠨ ᠤ ᠵᠠᠭᠪᠤᠷ  ᠨᠢ ᠤᠯᠠᠮᠵᠢᠯᠠᠯᠲᠤ ᠣᠶᠢᠯᠠᠭᠠᠭᠳᠠᠬᠤᠨ ᠢ ᠡᠪᠳᠡᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ︽ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠵᠢᠯ ᠬᠢᠭᠡᠳ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠵᠣᠯᠭᠠᠭᠤᠯᠬᠤ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠣᠯᠠᠨ ᠲᠦᠮᠡᠨ ᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠ ᠠᠯᠪᠠᠨ ᠭᠡᠷᠡᠴᠢᠯᠡᠭᠡ ᠬᠢᠬᠦ ᠳᠤ ᠵᠠᠷᠤᠴᠠᠭᠤᠯᠬᠤ ᠴᠠᠭ ᠨᠢ ᠣᠷᠳᠣ᠂ ᠶᠠᠪᠤᠴᠠ ᠨᠢ ᠣᠯᠠᠨ᠂ ᠨᠠᠰᠢ ᠴᠠᠰᠢ ᠭᠦᠶᠦᠬᠦ ᠬᠦᠴᠢᠷ ᠠᠰᠠᠭᠤᠳᠠᠯ ᠢ ᠰᠢᠢᠳᠪᠦᠷᠢᠯᠡᠪᠡ᠃       ᠢᠷᠡᠭᠡᠳᠦᠢ ᠳᠤ᠂ ᠪᠤᠭᠤᠲᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠴᠢᠩᠱᠠᠨ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠦᠷᠭᠦᠯᠵᠢᠯᠡᠨ ᠰᠢᠯᠢᠳᠡᠭᠵᠢᠭᠦᠯᠦᠨ ᠰᠢᠨᠡᠴᠢᠯᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠦᠢᠯᠡᠴᠢᠯᠡᠭᠡ ᠶᠢ  ᠦᠨᠡᠨᠬᠦ ᠣᠯᠠᠨ ᠲᠦᠮᠡᠨ ᠤ ᠳᠡᠷᠭᠡᠳᠡ ᠬᠦᠷᠭᠡᠵᠦ᠂ ︽ᠣᠯᠠᠨ ᠲᠦᠮᠡᠨ ᠤ ᠶᠠᠪᠤᠳᠠᠯ︾ ᠢ ᠪᠦᠲᠦᠭᠡᠬᠦ᠂ ︽ᠣᠯᠠᠨ ᠲᠦᠮᠡᠨ ᠤ ᠰᠡᠳᠬᠢᠯ︾ ᠢ ᠳᠤᠯᠠᠭᠠᠴᠠᠭᠤᠯᠬᠤ᠂ ︽ᠣᠯᠠᠨ ᠲᠦᠮᠡᠨ ᠤ ᠬᠦᠴᠢᠷᠳᠡᠯ︾ ᠢ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号