ᠮᠦᠩᠬᠡᠵᠢᠯ ᠵᠠᠮ ᠤᠨ ᠵᠡᠭᠡᠯᠢ ᠭᠤᠳᠤᠮᠵᠢ ᠳᠤ ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/3/22
      ᠣᠶᠢᠷ᠎ᠠ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠵᠢᠷᠭᠤᠭᠠᠨ ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠤᠨ ᠥᠷᠲᠡᠭᠡ ᠳᠤ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ ᠬᠤᠭᠤᠯᠠᠨ ᠭᠡᠷ ᠵᠢᠴᠢ ᠲᠣᠭᠤᠭᠠᠨ ᠭᠡᠷ ᠤᠨ ᠭᠠᠯ ᠤᠨᠲᠠᠷᠠᠭᠠᠭᠤᠷ ᠤᠨ ᠢᠷᠡᠯᠲᠡ ᠨᠢ ᠵᠢᠷᠤᠮᠵᠢᠯ ᠪᠠᠶᠢᠬᠤ ᠡᠰᠡᠬᠦ᠂ ᠳᠠᠷᠤᠯᠲᠠ ᠶᠢᠨ ᠬᠡᠮᠵᠢᠭᠦᠷ ᠤᠨ ᠵᠢᠭᠠᠯᠲᠠ ᠵᠡᠭᠦᠦ ᠨᠢ ᠨᠣᠭᠤᠭᠠᠨ ᠲᠣᠭᠤᠷᠢᠭ ᠲᠤ ᠪᠠᠶᠢᠬᠤ ᠡᠰᠡᠬᠦ᠂ ᠲᠣᠭᠤᠭᠠᠨ ᠭᠡᠷ ᠨᠢ ᠴᠡᠪᠡᠷ ᠲᠡᠭᠰᠢ ᠪᠠᠶᠢᠬᠤ ᠡᠰᠡᠬᠦ᠂ ᠭᠠᠯ ᠤᠨ ᠢᠷᠡᠯᠲᠡ ᠢᠯᠴᠢ ᠶᠢᠨ ᠢᠷᠡᠯᠲᠡ ᠨᠢ ᠴᠠᠬᠢᠯᠭᠠᠨ ᠤᠲᠠᠰᠤ ᠠᠴᠠ ᠬᠤᠯᠠ ᠪᠠᠶᠢᠬᠤ ᠡᠰᠡᠬᠦ ᠵᠡᠷᠭᠡ ᠡᠯ᠎ᠡ ᠵᠦᠢᠯ ᠤᠨ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠳᠠᠯᠳᠠ ᠬᠡᠮ ᠣᠷᠣᠰᠢᠵᠤ ᠪᠠᠶᠢᠭ᠎ᠠ ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠢ ᠵᠠᠷᠯᠠᠨ ᠮᠡᠳᠡᠭᠳᠡᠵᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠣᠯᠭᠠᠬᠤ ᠶᠢᠨ ᠬᠠᠮᠲᠤ ᠵᠤᠷᠪᠤᠰ ᠳᠠᠷᠠᠭᠠᠯᠠᠨ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号