ᠴᠢᠩᠱᠠᠨ ᠲᠣᠭᠤᠷᠢᠭ ᠤᠨ ᠬᠢᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠵᠢᠴᠢ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
      3 ᠰᠠᠷ᠎ᠠ ᠶᠢᠨ 21 ᠤ ᠡᠳᠦᠷ᠂ ᠴᠢᠩᠱᠠᠨ ᠲᠣᠭᠤᠷᠢᠭ ᠤᠨ ᠬᠢᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠵᠢᠴᠢ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ  ᠠᠴᠠ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠢᠨ᠎ᠡ ᠶᠢ ᠡᠭᠦᠳᠬᠦ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠥᠬᠦ ᠲᠤᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠢᠦᠢ ᠼᠠᠢ ᠹᠧᠩ ᠬᠤᠷᠠᠯ ᠢ ᠡᠷᠭᠢᠯᠡᠵᠦ᠂ ᠲᠤᠭᠤᠷᠢᠭ ᠤᠨ ᠤᠳᠤᠷᠢᠳᠤᠯᠭ᠎ᠠ ᠵᠠᠩ ᠵᠢᠶᠠᠨ᠂ ᠯᠢ ᠨᠠ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠭᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠳᠤ ᠬᠠᠨᠳᠤᠵᠤ᠂ ᠲᠡᠭᠦᠨ ᠢ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠪᠠᠨ ᠲᠣᠳᠣᠷᠬᠠᠶᠢᠯᠠᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠨ᠎ᠡ ᠳᠡᠭᠡᠭᠰᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠭᠡᠮ ᠠᠷᠬᠠᠭ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠳᠦᠨ ᠪᠠᠶᠢᠭᠤᠯᠬᠤ ᠠᠵᠢᠯ ᠢ ᠦᠨᠡᠨ ᠬᠦ ᠠᠷᠠᠳ ᠲᠤ ᠠᠰᠢᠭ ᠬᠦᠷᠲᠡᠭᠡᠬᠦ ᠪᠣᠯᠭᠠᠨ᠎ᠠ᠃ ᠬᠠᠷᠠᠯᠲᠠ ᠶᠢᠨ ᠴᠢᠨᠠᠷᠲᠠᠢ᠂ ᠬᠠᠨᠳᠤᠯᠭᠠᠲᠤ ᠴᠢᠨᠠᠷᠲᠠᠢ ᠪᠠᠷ ᠬᠦᠷᠦᠯᠴᠡᠬᠦ ᠦᠭᠡᠢ ᠲᠠᠯ᠎ᠠ ᠶᠢ ᠪᠠᠶᠢᠴᠠᠭᠠᠵᠤ᠂ ᠳᠤᠲᠠᠭᠤᠳᠠᠯ ᠢ ᠨᠥᠬᠦᠪᠦᠷᠢᠯᠡᠵᠦ᠂ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠬᠠᠮᠲᠤᠷᠠᠯ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠨᠢᠭᠲᠠ ᠬᠠᠮᠵᠢᠯᠴᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂  ᠬᠠᠮᠲᠤᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠬᠢᠨᠠᠨ ᠵᠢᠯᠤᠭᠤᠳᠴᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠣᠯᠳᠠᠯᠭ᠎ᠠ ᠲᠠᠢ ᠠᠵᠢᠯ ᠤᠨ ᠠᠬᠢᠴᠠ ᠶᠢ ᠴᠠᠭ ᠲᠤᠬᠠᠢ ᠳᠤᠨᠢ ᠰᠢᠨᠡᠳᠬᠡᠵᠦ᠂ ᠮᠡᠳᠡᠭᠡ ᠵᠠᠩᠭᠢ ᠶᠢ ᠴᠠᠭ ᠲᠤᠬᠠᠢ  ᠳᠤᠨᠢ ᠮᠡᠳᠡᠭᠦᠯᠦᠨ ᠬᠦᠷᠭᠡᠵᠦ᠂ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃       ᠬᠤᠷᠠᠯ ᠠᠴᠠ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠬᠤᠳᠠ ᠶᠢ ᠨᠠᠷᠢᠯᠢᠭᠵᠢᠭᠤᠯᠤᠨ ᠬᠠᠮᠢᠶᠠᠷᠬᠤ᠂ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠪᠣᠯ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠪᠣᠯᠬᠤ ᠪᠠᠷ ᠪᠠᠷᠠᠬᠤ ᠦᠭᠡᠢ ᠨᠡᠩ ᠴᠤ ︽ᠤᠳᠠᠭᠠᠨ ᠳᠠᠭᠠᠭᠠᠮᠠᠭᠠᠢ ᠳᠠᠶᠢᠯᠠᠯᠳᠤᠭᠠᠨ︾ ᠪᠣᠯᠬᠤ ᠶᠤᠮ᠃ ᠪᠦᠬᠦ ᠲᠤᠭᠤᠷᠢᠭ ᠢᠶᠠᠷ ᠢᠶᠠᠨ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠭᠤᠷᠪᠠᠨ ᠵᠦᠢᠯ ᠤᠨ ᠠᠵᠢᠯ ᠤᠨ ᠲᠠᠬᠢᠨ ᠬᠦᠴᠦᠯᠡᠬᠦ᠂ ᠲᠠᠬᠢᠨ ᠭᠦᠨᠵᠡᠭᠡᠶᠢᠷᠡᠭᠦᠯᠬᠦ᠂ ᠲᠠᠬᠢᠨ ᠳᠡᠭᠡᠭᠰᠢᠯᠡᠭᠦᠯᠬᠦ ᠶᠢ ᠰᠡᠳᠬᠢᠯ ᠲᠠᠯᠪᠢᠨ ᠠᠬᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠰᠠᠶᠢᠨ ᠲᠤᠷᠰᠢᠯᠭ᠎ᠠ ᠶᠢ ᠲᠣᠭᠲᠠᠪᠤᠷᠢᠵᠢᠭᠤᠯᠵᠤ᠂ ᠰᠠᠶᠢᠨ ᠠᠷᠭ᠎ᠠ ᠬᠢᠳᠡᠯ ᠢ ᠳᠡᠯᠭᠡᠷᠡᠭᠦᠯᠵᠦ᠂ ᠣᠷᠴᠢᠨ ᠲᠣᠭᠤᠷᠢᠨ ᠤ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠯᠠᠨ ᠲᠠᠯ᠎ᠠ ᠪᠠᠷ ᠠᠰᠢᠭ ᠬᠦᠷᠳᠡᠬᠦ ᠶᠢ ᠦᠨᠡᠨᠬᠦ ᠪᠡᠶᠡᠯᠡᠭᠦᠯᠵᠦ᠂ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号