ᠴᠢᠩᠱᠠᠨ ᠲᠣᠭᠤᠷᠢᠭ ᠤᠨ ᠬᠢᠨ ᠪᠦᠬᠦ ᠲᠤᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
      3 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠬᠢᠨ ᠪᠥᠬᠦ ᠲᠤᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠨᠠ ᠬᠤᠷᠠᠯ ᠳᠤ ᠣᠷᠣᠯᠴᠠᠪᠠ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠦ᠋ ᠬᠤᠤ ᠬᠤᠷᠠᠯ ᠡᠷᠭᠢᠯᠡᠪᠡ᠃ ᠬᠤᠷᠠᠯ  ᠠᠴᠠ 2023 ᠣᠨ ᠤ ᠪᠥᠬᠦ ᠲᠤᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠵᠡᠯ ᠰᠠᠨᠠᠭᠠᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠢᠳᠡᠪᠬᠢᠲᠡᠢ ᠤᠯᠠᠮᠵᠢᠯᠠᠭᠴᠢ᠂ ᠵᠢᠱᠢᠶᠡᠴᠢ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ᠃ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠦᠷᠢᠯᠡᠵᠦ᠂ ᠴᠢᠩᠭ᠎ᠠ ᠪᠠᠭᠤᠷᠠᠢ ᠵᠦᠢᠯ ᠢ ᠴᠢᠩᠭᠠᠳᠬᠠᠵᠤ᠂ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠲᠤᠳᠬᠠᠬᠤ ᠶᠢᠨ ᠬᠠᠮᠲᠤ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠤ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭᠠᠨ ᠤ ᠲᠣᠭᠲᠠᠴᠠ ᠶᠢ ᠪᠠᠲᠤᠳᠬᠠᠨ ᠨᠠᠶᠢᠳᠠᠪᠤᠷᠢᠵᠢᠭᠤᠯᠵᠤ᠂ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠬᠤ ᠶᠢᠨ ᠬᠠᠮᠲᠤ ᠴᠢᠩᠭᠠᠳᠬᠠᠵᠤ᠂ ᠤᠯᠠᠨ ᠡᠰᠢᠲᠦ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠶᠢ ᠬᠠᠤᠯᠢ ᠶᠣᠰᠣᠭᠠᠷ ᠪᠥᠭᠡᠳ ᠰᠡᠳᠬᠢᠯ ᠲᠠᠯᠪᠢᠨ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠪᠠᠶᠢᠭᠠᠳ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠡᠷᠡᠭᠵᠢᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠦᠨᠡᠨᠴᠢ ᠢᠲᠡᠭᠡᠮᠵᠢᠲᠡᠢ ᠪᠠᠶᠢᠬᠤ ᠴᠢᠩᠱᠠᠨ ᠤ ᠢᠷᠠᠭᠤ ᠠᠯᠳᠠᠷ ᠢ ᠪᠤᠢ ᠪᠣᠯᠭᠠᠬᠤ ᠬᠡᠷᠡᠭᠲᠡᠢ᠃ ᠪᠠᠴᠢᠮ ᠲᠤᠯᠭᠠᠮ᠎ᠠ ᠰᠡᠳᠬᠢᠯᠭᠡ ᠪᠠᠷ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠠᠷᠢᠭᠤᠴᠠᠯᠭᠠᠲᠤ ᠰᠡᠳᠬᠢᠯᠭᠡ ᠪᠠᠷ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠠᠵᠢᠯᠯᠠᠪᠠᠯ ᠯᠠᠪᠲᠠᠢ ᠪᠦᠲᠦᠬᠦ ᠡᠭᠦᠷᠭᠡᠲᠦ ᠰᠡᠳᠬᠢᠯᠭᠡ ᠪᠠᠷ ᠦᠨᠡᠨᠴᠢ ᠢᠲᠡᠭᠡᠮᠵᠢ ᠶᠢ ᠡᠷᠬᠢᠮᠯᠡᠵᠦ ᠢᠲᠡᠭᠡᠮᠵᠢ ᠶᠢ ᠰᠠᠬᠢᠬᠤ ᠰᠢᠨ᠎ᠡ ᠳᠦᠷᠢ ᠲᠥᠷᠬᠦ ᠶᠢ ᠪᠤᠢ ᠪᠣᠯᠭᠠᠵᠤ᠂ ︽ᠰᠡᠳᠬᠢᠯ ᠦᠨᠡᠨᠴᠢ ᠪᠠᠶᠢᠬᠤ᠂ ᠪᠤᠰᠤᠳ ᠢ ᠢᠲᠡᠭᠡᠬᠦ︾ ᠦᠨᠡᠨᠴᠢ ᠢᠲᠡᠭᠡᠮᠵᠢᠲᠡᠢ ᠬᠤᠲᠠ ᠶᠢ ᠬᠦᠴᠦᠯᠡᠨ ᠴᠣᠭᠴᠠᠯᠠᠵᠤ᠂ ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢᠲᠡᠢ ᠪᠠᠶᠢᠬᠤ ᠶᠢ ᠴᠢᠩᠱᠠᠨ ᠲᠣᠭᠤᠷᠢᠭ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠢᠯᠡᠳᠲᠡ ᠳᠠᠪᠠᠭᠤᠯᠢᠭ ᠪᠠ ᠭᠤᠣᠯᠯᠠᠭᠴᠢ ᠥᠷᠢᠰᠦᠯᠳᠦᠬᠦ ᠬᠦᠴᠦᠨ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ ᠠᠴᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠠᠶᠢᠭᠤᠯᠬᠤ ᠳᠤ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠶᠤᠮ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ︽ᠤᠨᠢᠨ ᠳᠡᠭᠡᠷ᠎ᠡ ᠨᠢ ᠪᠠᠶᠢᠯᠭᠠᠬᠤ︾ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠪᠣᠳᠠᠲᠠᠢ ᠠᠵᠢᠯᠯᠠᠵᠤ ᠦᠨᠡᠨᠴᠢ ᠰᠢᠳᠤᠷᠭᠤ ᠪᠠᠷ ᠠᠵᠢᠯᠯᠠᠬᠤ ᠪᠠᠷ ᠢᠶᠠᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ᠂ ᠬᠠᠤᠯᠢᠵᠢᠯ ᠤᠨ ᠪᠠᠶᠢᠭᠤᠯᠤᠯᠲᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号