ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
      3 ᠰᠠᠷ᠎ᠠ ᠶᠢᠨ 22 ᠤᠨ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠴᠢᠩᠱᠠᠨ ᠲᠣᠭᠤᠷᠢᠭ ᠤᠨ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠣᠭᠲᠠᠭᠠᠯ ᠤᠳ᠂ ᠴᠢᠩᠱᠠᠨ ᠲᠣᠭᠤᠷᠢᠭ ᠤᠨ ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠬᠤ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ  ᠢ ᠡᠷᠭᠢᠯᠡᠪᠡ᠃       ᠬᠤᠷᠠᠯ ᠠᠴᠠ᠂ ᠴᠢᠩᠱᠠᠨ ᠲᠣᠭᠤᠷᠢᠭ ᠤᠨ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠣᠭᠲᠠᠭᠠᠯ ᠤᠳ ᠢ ᠨᠡᠶᠢᠲᠡᠯᠡᠭᠰᠡᠨ ᠨᠢ ᠳᠡᠭᠡᠳᠦ ᠱᠠᠲᠤᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠠᠷᠭ᠎ᠠ ᠬᠡᠮᠵᠢᠶ᠎ᠡ ᠪᠠᠶᠢᠵᠤ᠂ ᠠᠵᠢᠯ ᠲᠦᠷᠦᠯ ᠤᠨ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠨᠢᠭᠡᠴᠡ ᠶᠢᠨ ᠬᠠᠤᠯᠢ ᠶᠣᠰᠣᠭᠠᠷ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠨᠠᠭᠰᠢᠳᠠ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠴᠢᠩᠱᠠᠨ ᠲᠣᠭᠤᠷᠢᠭ ᠤᠨ ᠪᠦᠬᠦ ᠬᠤᠳᠠ ᠶᠢᠨ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠨᠡᠶᠢᠲᠡᠯᠡᠭᠰᠡᠨ ᠨᠢ ᠲᠡᠦᠬᠡ ᠰᠣᠶᠣᠯ ᠤᠨ ᠰᠤᠳᠠᠰᠤ ᠶᠢ ᠴᠢᠨᠠᠭᠰᠢᠳᠠ ᠦᠷᠭᠦᠯᠵᠢᠯᠡᠭᠦᠯᠵᠦ᠂ ᠰᠣᠶᠣᠯ ᠤᠨ ᠢᠲᠡᠭᠡᠯ ᠢ ᠬᠥᠭᠵᠢᠭᠡᠵᠦ᠂ ᠰᠣᠶᠣᠯ ᠤᠨ ᠦᠢᠯᠡᠰ ᠢ ᠴᠡᠴᠡᠭᠯᠡᠭᠦᠯᠵᠦ᠂ ᠰᠣᠶᠣᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠳᠤ ᠠᠰᠢᠭᠲᠠᠢ ᠪᠠᠶᠢᠵᠤ᠂ ᠥᠷᠢᠰᠦᠯᠳᠦᠬᠦ ᠬᠦᠴᠦᠨ ᠲᠠᠢ ᠰᠣᠶᠣᠯ ᠤᠨ ᠵᠥᠭᠡᠯᠡᠨ ᠪᠣᠳᠠᠲᠤ ᠬᠦᠴᠦᠨ ᠢᠶᠠᠷ ᠴᠢᠳᠠᠪᠤᠷᠢ ᠣᠯᠭᠤᠭᠰᠠᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ︽ᠰᠢᠰᠲ᠋ᠧᠮ ᠲᠠᠢ ᠲᠥᠯᠥᠪᠵᠢᠭᠦᠯᠵᠦ᠂ ᠠᠭᠤᠰᠤᠯᠴᠠᠭᠤᠯᠤᠨ ᠬᠥᠭᠵᠢᠭᠦᠯᠬᠦ︾ ᠠᠵᠢᠯ ᠤᠨ ᠰᠡᠳᠬᠢᠴᠡ ᠶᠣᠰᠣᠭᠠᠷ᠂ ᠨᠢᠭᠡ ᠪᠦᠯᠦᠭ ᠰᠣᠶᠣᠯ ᠤᠷᠠᠯᠢᠭ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠥᠵᠢᠭᠦᠯᠵᠦ᠂ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠰᠣᠶᠣᠯ ᠤᠷᠠᠯᠢᠭ ᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ᠂ ᠳ᠋ᠦᠩ ᠳ᠋ᠡ ᠱᠠᠨ ᠤᠷᠠᠯᠢᠭ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠯᠢᠶᠡᠳ ᠶᠡᠭᠡ ᠥᠷᠲᠡᠭ ᠤᠨ ᠬᠥᠲᠥᠯᠥᠨ ᠵᠢᠯᠤᠭᠤᠳᠬᠤ ᠬᠦᠴᠦᠨ᠂ ᠰᠣᠶᠣᠯ ᠤᠨ ᠨᠢᠭᠲᠠᠷᠠᠯ ᠤᠨ ᠬᠦᠴᠦᠨ ᠪᠠ ᠣᠶᠤᠨ ᠰᠠᠨᠠᠭᠠᠨ ᠤ ᠲᠦᠯᠬᠢᠴᠡ ᠬᠦᠴᠦᠨ ᠢ ᠦᠷᠭᠦᠯᠵᠢᠯᠡᠨ ᠬᠠᠩᠭᠠᠨ᠎ᠠ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号