ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/26
      ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠬᠥᠳᠡᠭᠡ ᠲᠣᠰᠬᠤᠨ ᠳᠤ ᠤᠬᠠᠭᠤᠯᠬᠤ ᠪᠠ ᠲᠦᠭᠡᠮᠡᠯᠵᠢᠭᠦᠯᠬᠦ ᠶᠢ ᠴᠢᠩᠭᠠᠳᠬᠠᠨ᠂ ᠦᠨᠡᠨᠴᠢ ᠢᠲᠡᠭᠡᠮᠵᠢ ᠶᠢᠨ ᠰᠣᠶᠣᠯ ᠢ ᠶᠡᠬᠡᠪᠡᠷ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠰᠢᠩ ᠱᠧᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠪᠣᠯᠣᠨ ᠥᠪᠥᠷ ᠮᠣᠩᠭᠤᠯ ᠤᠨ ᠳ᠋ᠦᠩ ᠰᠢᠨ ᠢᠦᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠬᠥᠳᠡᠭᠡ ᠲᠣᠰᠬᠤᠨ ᠳᠤ ᠬᠦᠷᠴᠦ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ ᠬᠡᠯᠪᠡᠷᠢ ᠪᠠᠷ ᠤᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠢᠲᠡᠭᠡᠮᠵᠢ ᠶᠢ ᠵᠠᠯᠬᠠᠭᠠᠨ ᠴᠡᠭᠡᠷᠯᠡᠭᠦᠯᠬᠦ ᠳᠦᠷᠢᠮ ᠢ ᠤᠬᠠᠭᠤᠯᠵᠤ᠂ ᠦᠨᠡᠨᠴᠢ ᠢᠲᠡᠭᠡᠮᠵᠢ ᠲᠠᠢ ᠪᠠᠶᠢᠬᠤ ᠶᠢᠨ ᠴᠢᠬᠤᠯᠠ ᠴᠢᠨᠠᠷ ᠵᠢᠴᠢ ᠢᠲᠡᠭᠡᠯ ᠠᠯᠳᠠᠭᠰᠠᠨ ᠠᠴᠠ ᠪᠣᠯᠤᠭᠰᠠᠨ ᠦᠷ᠎ᠡ ᠤᠷᠰᠢᠭ ᠢ ᠲᠣᠳᠣᠷᠬᠠᠶᠢᠯᠠᠨ ᠥᠭᠦᠯᠡᠵᠦ᠂ ᠤᠯᠠᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢ ᠲᠠᠢ ᠪᠠᠶᠢᠬᠤ ᠤᠬᠠᠮᠰᠠᠷ ᠢ ᠨᠢ ᠳᠡᠭᠡᠭᠰᠢᠯᠡᠭᠦᠯᠵᠦ᠂ ᠠᠮᠠᠯᠠᠯᠲᠠ ᠪᠠᠨ ᠭᠦᠢᠴᠡᠳᠬᠡᠵᠦ᠂ ᠢᠲᠡᠭᠡᠮᠵᠢ ᠪᠠᠨ ᠨᠠᠨᠳᠢᠩᠨᠠᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 20 ᠭᠠᠷᠤᠢ ᠬᠥᠮᠥᠨ ᠤᠳᠠᠭ᠎ᠠ ᠬᠠᠤᠯᠢ ᠴᠠᠭᠠᠵᠠ ᠶᠢᠨ ᠯᠠᠪᠯᠠᠯᠭ᠎ᠠ ᠳᠤ ᠬᠠᠷᠢᠭᠤᠯᠲᠠ ᠥᠭᠴᠡᠢ᠃       ᠲᠣᠰ ᠤᠳᠠᠭᠠᠨ ᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠶᠢᠰᠢᠳᠠ ᠶᠢᠨ ᠠᠮᠢᠳᠤᠷᠠᠯ ᠤᠨ ᠠᠵᠢᠯ ᠤᠨ ᠳᠤᠮᠳᠠ ᠪᠠᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ ᠰᠢᠯᠢᠳᠡᠭ ᠵᠠᠩ ᠮᠣᠷᠠᠯ ᠢ ᠪᠠᠷᠢᠮᠲᠠᠯᠠᠬᠤ ᠬᠡᠷᠡᠭᠲᠡᠢ ᠭᠡᠵᠦ ᠣᠯᠠᠨ ᠲᠦᠮᠡᠨ ᠢᠯᠡᠷᠬᠡᠶᠢᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号