2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/26
      2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ      —2024 ᠣᠨ ᠤ 1 ᠰᠠᠷ᠎ᠠ ᠶᠢᠨ 26 ᠤ ᠡᠳᠦᠷ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ      ᠲᠥᠯᠥᠭᠡᠯᠡᠭᠴᠢᠳ ᠡ᠄      ᠣᠳᠣ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃            ᠨᠢᠭᠡ᠂ 2023 ᠣᠨ ᠤ ᠠᠵᠢᠯ ᠤᠨ ᠳ᠋ᠦᠩᠨᠡᠯᠲᠡ           ᠥᠩᠭᠡᠷᠡᠭᠰᠡᠨ 2023 ᠣᠨ ᠪᠣᠯ ᠲᠦᠢᠯ ᠤᠨ ᠶᠡᠷᠦ ᠪᠤᠰᠤ ᠶᠢᠨ ᠶᠤᠮ᠃ ᠳᠡᠯᠡᠬᠡᠢ ᠶᠢᠨ ᠣᠷᠴᠢᠨ ᠲᠣᠭᠤᠷᠢᠨ ᠪᠠ ᠤᠯᠤᠰ ᠤᠨ ᠳᠣᠲᠣᠭᠠᠳᠤ ᠶᠢᠨ ᠬᠠᠲᠠᠭᠤ ᠪᠡᠷᠬᠡ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠳᠡᠮᠵᠢᠯᠭᠡ ᠳᠣᠣᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ ᠢ ᠰᠦᠷᠦᠨ ᠤᠷᠤᠭᠰᠢᠯᠠᠵᠤ᠂ ᠨᠢᠭᠡᠳᠦᠭᠡᠷ ᠤᠯᠠᠷᠢᠯ ᠳᠤ ᠡᠬᠢᠯᠡᠯᠲᠡ ᠨᠡᠭᠡᠭᠡᠵᠦ᠂ ᠬᠤᠶᠠᠳᠤᠭᠠᠷ ᠤᠯᠠᠷᠢᠯ ᠳᠤ ᠬᠦᠴᠦᠯᠡᠨ ᠳᠠᠭᠠᠷᠢᠵᠦ᠂ ᠭᠤᠷᠪᠠᠳᠤᠭᠠᠷ ᠤᠯᠠᠷᠢᠯ ᠳᠤ ᠬᠦᠴᠦᠯᠡᠨ ᠰᠢᠪᠲᠤᠯᠵᠤ᠂  ᠳᠥᠷᠪᠡᠳᠦᠭᠡᠷ ᠤᠯᠠᠷᠢᠯ ᠳᠤ ᠰᠢᠢᠳᠪᠦᠷᠢᠲᠦ ᠳᠠᠶᠢᠯᠠᠯᠳᠤᠭᠠᠨ ᠬᠢᠵᠦ᠂ ︽ᠲᠤᠯᠤᠭᠠᠨ ᠰᠢᠨ᠎ᠡ ᠴᠢᠩᠱᠠᠨ︾ ᠤ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠠᠵᠤ ᠠᠬᠤᠶ ᠶᠢᠨ ᠶᠡᠷᠦᠩᠬᠡᠶ ᠬᠡᠮᠵᠢᠶ᠎ᠡ ᠬᠤᠶᠠᠷ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ 103 ᠬᠤᠰᠢᠭᠤ ᠰᠢᠶᠠᠨ ᠲᠣᠭᠤᠷᠢᠭ ᠤᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠵᠤ᠂ 2023 ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠤ ᠵᠠᠭᠤᠨ ᠬᠦᠴᠦᠷᠬᠡᠭ ᠣᠷᠣᠨ ᠤ 39 ᠳ᠋ᠦ᠋ᠭᠡᠷ ᠲᠤ ᠵᠢᠭᠰᠠᠭᠠᠭᠳᠠᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 8.3% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 15.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 11.5% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 9% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 22.6% ᠪᠠᠷ ᠨᠡᠮᠡᠭᠳᠡᠪᠡ᠃      ︵ᠨᠢᠭᠡ︶ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠵᠦ ᠪᠦᠲᠦᠴᠡ ᠶᠢ ᠲᠣᠬᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠳᠠᠪᠠᠭᠤᠯᠢᠭ ᠢ ᠲᠠᠰᠤᠷᠠᠯᠲᠠ ᠦᠭᠡᠢ ᠥᠷᠭᠡᠳᠭᠡᠪᠡ      ᠨᠢᠭᠡ ᠳᠤ ᠲᠤᠯᠭᠠᠭᠤᠷᠢ ᠠᠵᠤ ᠦᠢᠯᠡᠰ ᠤᠨ ᠬᠥᠭᠵᠢᠯᠲᠡ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ︽ᠰᠠᠯᠬᠢ ᠭᠡᠷᠡᠯ ᠤᠰᠤᠲᠥ᠋ᠷᠥᠭᠴᠢ ᠨᠥᠭᠡᠴᠡᠯᠡᠬᠦ ᠴᠥᠮ᠎ᠡ︾ ᠪᠠ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠪᠥᠬᠦ ᠲᠠᠯ᠎ᠠ ᠪᠠᠷ ᠬᠥᠭᠵᠢᠪᠡ᠃ ︽ᠰᠠᠯᠬᠢ︾ ᠠᠶ᠎ᠠ ᠪᠠᠷ ᠬᠢᠬᠦ ᠶᠢ ᠪᠠᠷᠢᠮᠲᠠᠯᠠᠪᠠ᠃ ᠨᠠᠨ ᠭᠤᠤ ᡂᠢ ᠲᠤᠮᠤ ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠠᠷᠠᠭᠠᠳᠦ ᠬᠦᠷᠳᠤᠨ ᠤ ᠬᠠᠶᠢᠷᠴᠠᠭ ᠦᠢᠯᠡᠳᠬᠦ ᠲᠦᠷᠦᠯ ᠵᠦᠢᠯ ᠪᠦᠬᠦ ᠲᠠᠯ᠎ᠠ ᠪᠠᠷ ᠪᠠᠷᠢᠯᠭ᠎ᠠ ᠲᠠᠭᠤᠰᠴᠤ ᠠᠰᠢᠬᠯᠠᠯᠲᠠ ᠳᠤ ᠤᠷᠤᠵᠦ᠂ ᠦᠪᠡᠷᠳᠡᠭᠡᠨ ᠵᠠᠰᠠᠬᠤ ᠤᠷᠤᠨ ᠤ ᠰᠠᠯᠬᠢᠨ ᠬᠦᠴᠦᠨ ᠤ ᠴᠠᠬᠢᠯᠭᠠᠨ ᠤ ᠬᠠᠮᠤᠭ ᠤᠨ ᠲᠤᠮᠤ ᠠᠷᠠᠭᠠᠳᠦ ᠬᠦᠷᠳᠤᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠤᠯᠪᠠ᠃ ︽ᠭᠡᠷᠡᠯ︾ ᠢ ᠤᠭᠲᠤᠨ ᠤᠷᠤᠭᠰᠢᠯᠠᠬᠤ ᠶᠢ ᠪᠠᠷᠢᠮᠲᠠᠯᠠᠪᠠ᠃ ᠵᠢᠩ ᠤᠣ 5 GW ᠶᠢᠨ ᠥᠨᠳᠥᠷ ᠦᠷ᠎ᠡ ᠠᠰᠢᠭᠲᠤ ᠬᠡᠷᠡᠯ ᠴᠡᠨᠡᠭ ᠤᠨ ᠲᠣᠨᠤᠭ ᠲᠥᠬᠦᠭᠡᠷᠦᠮᠵᠢ᠂ 10GW ᠶᠢᠨ ᠬᠡᠷᠴᠢᠮᠡᠯ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠬᠤᠩ ᠶᠤᠸᠠᠨ 40GW ᠶᠢᠨ ᠳᠠᠩ ᠲᠠᠯᠠᠰᠲᠤ ᠵᠢᠴᠢ ᠢᠵᠢ ᠪᠥᠷᠢᠳᠦᠭᠰᠡᠨ ᠬᠡᠷᠴᠢᠮᠡᠯ᠂ ᠵᠢᠯ ᠳᠤ 16GW ᠶᠢᠨ ᠥᠨᠳᠥᠷ ᠪᠦᠲᠦᠮᠵᠢᠲᠡᠶ ᠨᠡᠷᠡᠨ ᠤ ᠡᠨᠧᠷᠭᠢ ᠶᠢᠨ ᠳ᠋ᠢᠶᠠᠨ ᡂᠢ ᠶᠢᠨ ᠲᠥᠷᠥᠯ ᠵᠦᠢᠯ ᠢ ᠤᠷᠤᠭᠰᠢᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠷᠡᠯ ᠴᠡᠨᠡᠭ ᠤᠨ ᠠᠵᠤ ᠠᠬᠤᠶᠢᠯᠠᠯ ᠢ ᠲᠥᠪᠯᠡᠷᠡᠭᠦᠯᠬᠦ ᠪᠠᠷ ᠬᠠᠮᠤᠭ ᠤᠨ ᠰᠠᠶᠢᠨ᠂ ᠢᠵᠢ ᠪᠥᠷᠢᠳᠦᠭᠦᠯᠬᠦ ᠪᠠᠷ ᠬᠠᠮᠤᠭ ᠤᠨ ᠪᠦᠷᠢᠨ᠂ ᠬᠡᠯᠬᠢᠶ᠎ᠡ ᠪᠠᠷ ᠬᠠᠮᠤᠭ ᠤᠨ ᠣᠷᠳᠣ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠪᠠᠷ ᠪᠠᠶᠢᠨ᠎ᠠ᠃ ᠤᠯᠤᠰ ᠤᠨ ᠪᠦᠬᠦ᠋ᠢᠯᠡ ᠰᠢᠶᠠᠨ ᠤ ᠭᠡᠷ ᠤᠨ ᠣᠷᠣᠶ ᠳᠠᠬᠢ ᠲᠠᠷᠬᠠᠮᠠᠯ ᠮᠠᠶ᠋ᠢᠭ ᠤᠨ ᠭᠡᠷᠡᠯ ᠴᠡᠨᠡᠭ ᠤᠨ ᠨᠡᠭᠡᠭᠡᠯᠲᠡ ᠬᠢᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠪᠠᠶᠢᠭᠤᠯᠵᠤ ᠳᠠᠭᠤᠰᠬᠠᠭᠰᠠᠨ ᠪᠠ ᠪᠠᠶᠢᠭᠤᠯᠵᠤ ᠪᠠᠶᠢᠭ᠎ᠠ ᠲᠥᠷᠥᠯ ᠵᠦᠢᠯ ᠨᠢ 90 ᠰᠠᠶ᠎ᠠ ᠸᠠᠲ ᠲᠤ ᠬᠦᠷᠪᠡ᠃ ︽ᠤᠰᠤᠳᠦ᠋ᠷᠦᠭᠴᠢ︾ ᠡᠷᠢᠬᠦ ᠶᠢ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ᠂ 10 ᠠᠵᠤ ᠠᠬᠤᠶᠢᠯᠠᠯ ᠯᠤᠭ᠎ᠠ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠪᠥᠬᠦ ᠬᠤᠲᠠ ᠶᠢᠨ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠬᠦ ᠤᠰᠤᠲᠥ᠋ᠷᠥᠭᠴᠢ ᠲᠦᠯᠡᠰᠢᠨ ᠳ᠋ᠢᠶᠠᠨ ᡂᠢ᠂ ᠥᠨᠳᠥᠷ ᠠᠵᠤ ᠠᠬᠤᠶᠢᠯᠠᠯ ᠤᠨ ᠲᠡᠮᠦᠷᠯᠢᠭ ᠪᠤᠰᠤ ᠴᠠᠬᠢᠯᠭᠠᠨ ᠵᠠᠳᠠᠯᠤᠯ ᠤᠨ ᠣᠩᠭᠤᠴᠠ ᠵᠡᠷᠭᠡ ᠲᠥᠷᠥᠯ ᠵᠦᠢᠯ ᠢ ᠬᠡᠷᠡᠭᠵᠢᠭᠦᠯᠪᠡ᠃ ︽ᠡᠨᠧᠷᠬᠢ︾ ᠶᠢᠨ ᠰᠢᠯᠢᠳᠡᠭ ᠢ ᠬᠠᠳᠠᠭᠠᠯᠠᠬᠤ ᠶᠢ ᠪᠠᠷᠢᠮᠲᠠᠯᠠᠪᠠ᠃ ᠴᠢᠶᠠᠨ ᠶᠦᠨ ᠯᠢ ᠯᠢ ᠢᠶᠤᠨ ᠳ᠋ᠢᠶᠠᠨ ᡂᠢ ᠶᠢᠨ ᠠᠷᠭ᠎ᠠ ᠲᠦᠢᠯ ᠤᠨ ᠮᠠᠲ᠋ᠧᠷᠢᠶᠠᠯ ᠤᠨ ᠲᠦᠷᠦᠯ ᠵᠦᠢᠯ ᠤᠨ ᠭᠤᠣᠯ ᠴᠣᠭᠴᠠ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠪᠢ ᠶᠠ ᠳ᠋ᠢ ᠴᠠᠬᠢᠯᠭᠠᠨ ᠬᠦᠴᠦᠨ ᠤ ᠳ᠋ᠢᠶᠠᠨ ᡂᠢ ᠶᠢᠨ ᠬᠡᠳᠦ ᠨᠢᠮᠭᠡᠨ ᠵᠡᠰ ᠢᠯᠲᠠᠰᠤ ᠶᠢᠨ ᠲᠦᠷᠦᠯ ᠵᠦᠢᠯ ᠤᠷᠤᠭᠰᠢᠲᠠᠶ ᠠᠰᠢᠭᠯᠠᠯᠲᠠ ᠳᠤ ᠣᠷᠣᠵᠤ᠂ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 4 ᠲᠦᠮᠡᠨ ᠲᠣᠨ ᠯᠢᠲ᠋ᠢ ᠢᠶᠣᠨ ᠤ ᠳ᠋ᠢᠶᠠᠨ ᡂᠢ ᠶᠢᠨ ᠪᠢᠯᠢᠭ ᠲᠦᠢᠯ ᠤᠨ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠲᠦᠷᠦᠯ ᠵᠦᠢᠯ ᠦᠢᠯᠡᠳᠪᠦᠷᠢᠯᠡᠯ ᠢᠶᠠᠨ ᠳᠠᠭᠤᠰᠬᠠᠪᠠ᠃ ︽ᠴᠥᠮ᠎ᠡ︾ ᠪᠠᠷ ᠦᠨᠡᠲᠡᠢ ᠪᠣᠯᠭᠠᠬᠤ ᠶᠢ ᠪᠠᠷᠢᠮᠲᠠᠯᠠᠪᠠ᠃ ᠳᠤᠮᠳᠠᠳᠤ ᠤᠯᠤᠰ ᠤᠨ ᠴᠥᠮ᠎ᠡ ᠶᠢᠨ ᠵᠡᠪᠰᠡᠭ ᠤᠨ ᠤᠮᠠᠷᠠᠲᠤ ᠣᠷᠣᠨ ᠤ ᠬᠢᠨ ᠪᠦᠬᠦ ᠪᠥᠮᠪᠥᠷᠴᠡᠭ ᠤᠨ ᠠᠩᠬᠠᠳᠠᠭᠴᠢ ᠪᠦᠯᠦᠭ ᠬᠤᠳᠠᠯᠳᠤᠭᠠᠨ ᠳᠤ ᠬᠡᠷᠡᠭᠯᠡᠬᠦ ᠨᠡᠭᠦᠷᠡᠰᠦᠲᠥ᠋ᠷᠥᠭᠴᠢ —14 ᠰᠠᠴᠤᠷᠠᠭ ᠲᠤᠰᠤᠯᠲᠠ ᠦᠢᠯᠡᠳᠪᠦᠷᠢᠯᠡᠬᠦ ᠫᠠᠢ ᠶᠢᠨ ᠳᠤᠨᠤᠭ ᠢ ᠠᠮᠵᠢᠯᠲᠠ ᠲᠠᠢ ᠰᠤᠳᠤᠯᠤᠨ ᠦᠢᠯᠡᠳᠦᠭᠰᠡᠨ ᠪᠥᠭᠡᠳ ᠠᠰᠢᠭᠯᠠᠯᠲᠠ ᠳᠤ ᠣᠷᠣᠭᠤᠯᠵᠤ᠂ ᠦᠢᠯᠡᠳᠪᠦᠷᠢᠯᠡᠭᠰᠡᠨ ᠪᠥᠮᠪᠥᠭᠡᠯᠢᠭ ᠲᠦᠯᠡᠰᠢ ᠶᠢᠨ ᠳᠤᠨᠤᠭ ᠨᠢ ᠪᠦᠬᠦ ᠪᠥᠮᠪᠥᠷᠴᠡᠭ ᠤᠨ ᠠᠩᠬᠠᠳᠠᠭᠴᠢ ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠬᠢᠯᠭᠠᠨ ᠦᠷᠳᠡᠭᠡ ᠶᠢ ᠵᠢᠩᠬᠢᠨᠢ ᠪᠠᠷ ᠬᠤᠳᠠᠯᠳᠤᠭᠠᠨ ᠤ ᠠᠵᠢᠯᠯᠠᠭᠠᠨ ᠳᠤ ᠣᠷᠣᠭᠤᠯᠬᠤ ᠶᠢ ᠪᠠᠲᠤᠯᠠᠪᠠ᠃ ︽ᠬᠦᠨᠳᠦ︾ ᠶᠢ ᠮᠡᠳᠡᠵᠦ ︽ᠬᠦᠨᠳᠦ︾ ᠶᠢ ᠡᠭᠦᠷᠭᠡᠯᠡᠬᠦ ᠶᠢ ᠪᠠᠷᠢᠮᠲᠠᠯᠠᠪᠠ᠃ ᠪᠧᠢ ᠪᠧᠨ ᠬᠦᠨᠳᠦ ᠠᠴᠢᠶ᠎ᠠ ᠪᠠᠷ ᠣᠷᠣᠰ ᠲᠤ 1045 ᠰᠠᠭᠤᠷᠢ ᠭᠠᠷᠭᠠᠵᠤ᠂ ︽2023 ᠣᠨ ᠤ ᠪᠣᠯᠣᠳ ᠲᠡᠮᠦᠷ ᠤᠨ ᠠᠵᠢᠯ ᠲᠥᠷᠥᠯ ᠤᠨ ᠨᠢᠭᠡᠳᠦᠭᠡᠷ ᠨᠡᠷᠡᠲᠦ ᠲᠡᠮᠳᠡᠭ︾ ᠤᠨ ᠲᠣᠮᠣ ᠱᠠᠩᠨᠠᠯ ᠢ ᠬᠦᠷᠲᠡᠵᠦ᠂ ᠴᠠᠬᠢᠯᠭᠠᠨ ᠵᠢᠭᠢᠷ ᠢᠭ ᠬᠡᠯᠪᠡᠷᠢ ᠶᠢᠨ ᠬᠤᠯᠢᠮᠠᠭ ᠬᠥᠳᠡᠯᠭᠡᠭᠴᠢ ᠬᠦᠴᠦᠨ ᠤ ᠴᠢᠷᠬᠦ ᠲᠡᠷᠭᠡ ᠨᠢ ᠳᠤᠮᠳᠠᠳᠤ ᠤᠯᠤᠰ ᠤᠨ ᠡᠳ᠋ ᠪᠠᠷᠠᠭᠠᠨ ᠤ ᠭᠦᠢᠯᠭᠡᠭᠡ ᠪᠣᠯᠤᠨ ᠬᠤᠳᠠᠯᠳᠤᠭᠠᠨ ᠤ ᠬᠡᠷᠡᠭᠯᠡᠭᠡᠨ ᠤ ᠮᠠᠱᠢᠨ ᠲᠡᠷᠭᠡᠨ ᠤ ᠨᠥᠯᠥᠭᠡᠯᠡᠬᠦ ᠬᠦᠴᠦᠨ ᠤ ᠦᠪᠡᠳᠡᠭᠱᠢ ᠶᠡᠭᠡ ᠶᠣᠰᠣᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠢ ᠣᠯᠵᠠᠢ᠃      ᠬᠤᠶᠠᠷ ᠲᠤ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠳᠠᠬᠢᠨᠲᠠ ᠡᠭᠦᠳᠪᠡ᠃ ᠭᠦᠨ ᠳᠠᠪᠬᠤᠷᠭᠠᠲᠤ ᠬᠡᠷᠡᠭᠯᠡᠭᠡᠨ ᠤ ᠳᠠᠯᠳᠠ ᠬᠦᠴᠦᠨ ᠢ ᠬᠦᠭᠵᠢᠭᠡᠪᠡ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠪᠠᠯᠠ ᠮᠥᠩᠭᠦ 800 ᠭᠠᠷᠤᠶ ᠲᠦᠮᠡᠨ ᠲᠥᠭᠦᠷᠢᠭ ᠣᠷᠣᠭᠤᠯᠵᠤ᠂ ᠸᠠᠨ ᠳ᠋ᠠ ᠠᠭᠤᠳᠠᠮ ᠲᠠᠯᠠᠪᠠᠶ᠂ ᠬᠤᠸᠠ ᠯᠢᠶᠠᠨ ᠬᠤᠳᠠᠯᠳᠤᠭᠠᠨ ᠤ ᠲᠥᠪ᠂ ᠶᠦᠩ ᠱᠧᠩ ᠴᠧᠩ ᠬᠡᠲᠦ ᠳᠡᠯᠭᠡᠭᠦᠷ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠡᠯ᠎ᠡ ᠲᠥᠷᠥᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 380 ᠲᠠᠯᠠᠪᠤᠷ ᠤᠳᠠᠭ᠎ᠠ ᠥᠷᠨᠢᠭᠦᠯᠵᠦ᠂ ᠡᠵᠡᠩᠨᠡᠯᠲᠡ ᠶᠢᠨ ᠣᠷᠣᠯᠭ᠎ᠠ ᠨᠡᠶᠢᠲᠡ 24 ᠳ᠋ᠦᠩᠰᠢᠭᠤᠷ ᠲᠥᠭᠦᠷᠢᠭ ᠢ ᠳᠠᠪᠠᠪᠠ᠃ ᠬᠤᠷᠠᠯ ᠦᠵᠡᠰᠬᠦᠯᠡᠩ ᠤᠨ ᠲᠥᠪ᠂ ᠲᠣᠮᠣ ᠵᠦᠴᠦᠭᠡ ᠶᠢᠨ ᠬᠦᠷᠢᠶᠡᠯᠡᠩ ᠳᠤ ᠡᠯ᠎ᠡ ᠲᠥᠷᠥᠯ ᠤᠨ ᠲᠣᠮᠣ ᠬᠡᠯᠪᠡᠷᠢ ᠶᠢᠨ ᠦᠵᠡᠰᠬᠦᠯᠡᠩ ᠤᠨ ᠴᠤᠭᠯᠠᠭᠠᠨ᠂ ᠳᠡᠭᠡᠳᠦ ᠲᠠᠰ ᠤᠨ ᠲᠣᠭᠯᠠᠯᠲᠠ ᠶᠢ ᠨᠡᠶᠢᠲᠡ 325 ᠲᠠᠯᠠᠪᠤᠷ ᠤᠳᠠᠭ᠎ᠠ ᠡᠷᠭᠢᠯᠡᠵᠦ᠂ ᠡᠵᠡᠩᠨᠡᠯᠲᠡ ᠶᠢᠨ ᠬᠡᠮᠵᠢᠶ᠎ᠡ 61 ᠳ᠋ᠦᠩᠰᠢᠭᠤᠷ ᠲᠥᠭᠦᠷᠢᠭ ᠲᠤ ᠬᠥᠷᠪᠡ᠃ ︽ᠳᠤᠮᠳᠠᠳᠤ ᠤᠯᠤᠰ ᠤᠨ ᠮᠣᠷᠢᠨ ᠬᠤᠳᠠ︾ ᠶᠢ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠣᠷᠢᠨ ᠮᠡᠷᠭᠡᠵᠢᠯ ᠤᠨ ᠭᠤᠷᠪᠠᠨ ᠵᠦᠢᠯ ᠤᠨ ᠤᠷᠤᠯᠳᠤᠭᠠᠨ ᠤ ᠲᠠᠯᠠᠪᠤᠷ ᠢ ᠪᠠᠶᠢᠭᠤᠯᠤᠨ ᠡᠵᠡᠩᠨᠡᠯᠲᠡ ᠳᠤ ᠣᠷᠣᠭᠤᠯᠪᠠ᠃ ᠤᠯᠠᠨ ᠲᠠᠪᠴᠠᠩ ᠢᠶᠠᠷ ᠴᠢᠩᠱᠠᠨ ᠲᠣᠭᠤᠷᠢᠭ ᠤᠨ ᠬᠦᠷᠢᠶᠡᠯᠡᠯ ᠲᠠᠢ ᠦᠵᠡᠮᠵᠢ ᠶᠢᠨ ᠣᠷᠣᠨ ᠢ ᠳᠡᠯᠭᠡᠷᠡᠭᠦᠯᠵᠦ᠂ ︽ᠰᠠᠭᠤᠭᠳᠠᠯ ᠴᠢᠩᠱᠠᠨ︾ ᠤ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ ᠲᠡᠮᠳᠡᠭ ᠢ ᠡᠭᠦᠳᠴᠦ᠂ 5 ᠰᠢᠷᠢᠰ ᠬᠠᠪᠰᠤᠷᠤᠭᠴᠢ ᠶᠢᠨ ᠶᠣᠰᠣᠯᠠᠯ ᠢ ᠬᠡᠷᠡᠭᠵᠢᠭᠦᠯᠪᠡ᠃ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠢᠶᠠᠷ ᠦᠨᠡᠯᠡᠭᠳᠡᠪᠡ᠃ ᠸᠠᠨ ᠺᠧ ᠰᠠᠭᠤᠭᠳᠠᠯ ᠤᠨ ᠬᠤᠲᠠ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠥᠪᠥᠷ ᠮᠣᠩᠭᠤᠯ ᠤᠨ 25 ᠲᠦᠷᠦᠭᠦᠸ ᠳᠡᠯᠭᠡᠭᠦᠷ᠂ ᠥᠪᠥᠷ ᠮᠣᠩᠭᠤᠯ ᠤᠨ ᠬᠤᠰᠢᠭᠤᠨ ᠳᠡᠯᠭᠡᠭᠦᠷ ᠤᠨ ᠰᠢᠨ᠎ᠡ ᠤᠷᠤᠰᠬᠠᠯ ᠨᠢ ᠬᠤᠲᠠ ᠶᠢᠨ ᠬᠤᠳᠠᠯᠳᠤᠭᠠᠨ ᠤ ᠬᠡᠷᠡᠭᠯᠡᠭᠡ ᠶᠢ ᠬᠥᠲᠥᠯᠥᠨ ᠳᠠᠭᠠᠭᠤᠯᠪᠠ᠃ ᠴᠢᠶᠤᠸᠠᠨ ᠳ᠋ᠢᠶᠠᠨ᠂ ᠸᠠᠩ ᠯᠦᠩ ᠤᠨ ᠵᠠᠬ᠎ᠠ ᠳᠡᠯᠭᠡᠭᠦᠷ ᠥᠪᠡᠷᠲᠡᠭᠡᠨ ᠵᠠᠰᠠᠬᠤ ᠣᠷᠣᠨ ᠤ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠢᠶᠠᠷ ᠦᠨᠡᠯᠡᠭᠳᠡᠪᠡ᠃ ︽ᠭᠠᠳᠠᠭᠠᠳᠤ ᠠᠷᠠᠯᠵᠢᠶᠠᠨ ᠤ ᠰᠠᠭᠤᠷᠢᠨ ᠭᠠᠵᠠᠷ︾ ᠪᠠ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠷᠰᠢᠯᠲᠠ ᠶᠢᠨ ᠣᠷᠣᠨ︾ ᠤ ᠳᠠᠪᠠᠭᠤᠯᠢᠭ ᠢ ᠪᠠᠳᠠᠷᠠᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 16.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 124% ᠨᠡᠮᠡᠭᠳᠡᠨ᠂ ᠥᠪᠡᠷ ᠤᠨ ᠡᠵᠡᠩᠨᠡᠯᠲᠡ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 13.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 167% ᠨᠡᠮᠡᠭᠳᠡᠪᠡ᠃ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ ᠢᠶᠠᠷ ᠦᠨᠡᠯᠡᠭᠳᠡᠪᠡ᠃       ᠭᠤᠷᠪᠠ ᠳᠤ ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠵᠠᠪᠳᠤᠨ ᠠᠳᠬᠤᠪᠠ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ 1 ᠲᠦᠮᠡ ᠭᠠᠷᠤᠢ ᠮᠦ ᠪᠡᠶᠡᠯᠡᠭᠦᠯᠪᠡ᠃ ᠵᠢᠯ ᠳᠤ 150 ᠲᠦᠮᠡᠨ ᠬᠤᠨᠢᠨ ᠭᠤᠶ᠎ᠠ ᠶᠢᠨ ᠦᠢᠯᠡᠳᠪᠦᠷᠢᠯᠡᠯ ᠲᠠᠢ ᠮᠧᠩ ᠢ ᠲᠦᠢ ᠢᠳᠡᠭᠡᠨ ᠤ ᠬᠢᠵᠠᠭᠠᠷᠲᠤ ᠺᠣᠮᠫᠠᠨᠢ ᠲᠤᠰ ᠵᠢᠯ ᠳᠤ ᠪᠠᠨ ᠣᠷᠣᠭᠤᠯᠤᠨ ᠠᠪᠴᠢᠷᠠᠵᠤ ᠲᠤᠰ ᠵᠢᠯ ᠳᠤ ᠪᠠᠨ ᠠᠰᠢᠭᠯᠠᠯᠲᠠ ᠳᠤ ᠣᠷᠣᠵᠠᠢ᠃ ᠸᠠᠩ ᠯᠤᠤ ᠳ᠋ᠠ ᠢᠳᠡᠭᠡᠨ ᠡᠳ᠋ᠰᠢᠬᠦᠯᠬᠦ ᠬᠦᠷᠢᠶᠡᠯᠡᠩ ᠲᠣᠭᠤᠷᠢᠭ᠂ ᠰᠢᠨ ᠹᠠ ᠳ᠋ᠢ ᠵᠠᠩ ᠰᠢᠶᠠᠨ ᠡᠯᠧᠺᠲᠷᠤᠨ ᠬᠤᠳᠠᠯᠳᠤᠭᠠᠨ ᠤ ᠲᠥᠪ ᠵᠡᠷᠭᠡ ᠲᠥᠷᠥᠯ ᠵᠦᠢᠯ ᠢ ᠤᠷᠤᠭᠰᠢᠲᠠᠶ ᠨᠠᠶᠢᠳᠠᠪᠤᠷᠢᠵᠢᠭᠤᠯᠪᠠ᠃ ᠬᠥᠳᠡᠭᠡ ᠲᠣᠰᠬᠤᠨ ᠤ ᠵᠠᠰᠠᠯᠲᠠ ᠶᠢᠨ ᠪᠠᠶᠢᠷᠢᠰᠢᠯ ᠳᠤ ᠰᠢᠨ᠎ᠡ ᠶᠢ ᠡᠭᠦᠳᠴᠦ᠂ ᠪᠥᠬᠦ ᠬᠤᠲᠠ ᠶᠢᠨ ᠠᠩᠬᠠᠳᠠᠭᠴᠢ ᠲᠣᠭᠠᠴᠢᠯᠠᠭᠰᠠᠨ ᠬᠥᠳᠡᠭᠡ ᠲᠣᠰᠬᠤᠨ ᠤ ᠲᠠᠪᠴᠠᠩ ᠢ ᠪᠠᠶᠢᠭᠤᠯᠵᠤ᠂ ᠬᠥᠳᠡᠭᠡ ᠲᠣᠰᠬᠤᠨ ᠤ ᠲᠣᠭᠠᠴᠢᠯᠠᠭᠰᠠᠨ ᠬᠠᠮᠢᠶᠠᠷᠤᠯᠲᠠ᠂ ᠲᠣᠭᠠᠴᠢᠯᠠᠭᠰᠠᠨ ᠵᠠᠰᠠᠯᠲᠠ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠪᠡ᠃ ᠲᠤᠰᠬᠠᠢ ᠬᠤᠷᠰᠢᠶ᠎ᠠ᠂ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ᠂ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ᠂ ᠬᠠᠩᠭᠠᠨ ᠪᠣᠷᠣᠯᠠᠭᠤᠯᠬᠤ ᠵᠢᠵᠢᠭ ᠳᠡᠯᠭᠡᠭᠦᠷ ᠵᠡᠷᠭᠡ 13 ᠳᠡᠯᠭᠡᠭᠦᠷ ᠢ ᠪᠠᠶᠢᠭᠤᠯᠪᠠ᠃ ︽ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ︾ ᠤ ᠨᠠᠷᠠᠲᠤ ᠲᠡᠮᠳᠡᠭᠲᠦ ᠶᠢ ᠦᠷᠭᠦᠯᠵᠢᠯᠡᠨ ᠭᠡᠷᠡᠯᠲᠦᠭᠦᠯᠵᠦ᠂ ᠲᠦᠩ ᠴᠤᠸᠠᠩ ᠰᠣᠶᠣᠯ ᠵᠢᠭᠤᠯᠴᠢᠯᠠᠯ ᠤᠨ ᠺᠣᠮᠫᠠᠨᠢ ᠶᠢ ᠣᠷᠣᠭᠤᠯᠤᠨ ᠠᠪᠴᠢᠷᠠᠵᠤ ᠳ᠋ᠦᠩ ᠳ᠋ᠡ ᠱᠠᠨ ᠤ ᠠᠮᠠᠷᠠᠯᠲᠠ ᠶᠢᠨ ᠲᠣᠰᠬᠤᠨ ᠳᠤ ᠣᠷᠣᠯᠴᠠᠭᠤᠯᠵᠤ᠂ ᠵᠤᠭᠠᠴᠠᠭᠰᠠᠳ ᠢ ᠨᠡᠶᠢᠲᠡ ᠵᠠᠭᠤᠨ ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠳᠤᠮᠳᠠᠴᠢ ᠣᠷᠣᠯᠭ᠎ᠠ 124 ᠲᠦᠮᠡᠨ ᠲᠥᠭᠦᠷᠢᠭ ᠲᠤ ᠬᠥᠷᠪᠡ᠃ ᠰᠢᠩ ᠱᠧᠩ ᠪᠠᠯᠭᠠᠰᠤ ᠥᠪᠡᠷᠲᠡᠭᠡᠨ ᠵᠠᠰᠠᠬᠤ ᠣᠷᠣᠨ ᠤ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠪᠠᠯᠭᠠᠰᠤ ᠪᠠᠷ ᠦᠨᠡᠯᠡᠭᠳᠡᠵᠦ᠂ ᠳ᠋ᠦᠩ ᠳ᠋ᠠ ᠭᠸᠤ ᠲᠣᠰᠬᠤᠨ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃      ︵ᠬᠤᠶᠠᠷ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠪᠦᠬᠦ ᠲᠠᠯ᠎ᠠ ᠪᠠᠷ ᠪᠠᠳᠠᠷᠠᠪᠠ      ᠨᠢᠭᠡ ᠳᠤ᠂ ᠲᠣᠭᠠᠴᠢᠯᠠᠭᠰᠠᠨ ᠠᠵᠤ ᠠᠬᠤᠢ ᠶᠢᠨ ᠪᠠᠶᠢᠳᠠᠯ ᠢ ᠰᠦᠷᠦᠨ ᠠᠶᠠᠯᠠᠯ  ᠢᠶᠠᠨ ᠡᠬᠢᠯᠡᠭᠦᠯᠪᠡ᠃ ᠠᠵᠤ ᠠᠬᠤᠢᠯᠠᠯ ᠤᠨ ᠬᠥᠭᠵᠢᠯᠲᠡ ᠳᠤ ᠬᠦᠴᠦ ᠨᠡᠮᠡᠷᠢᠯᠡᠵᠦ᠂ ᠯᠤᠤ ᠬᠤ᠋ ᠠᠵᠦ ᠠᠬᠤᠶᠢᠯᠠᠯ ᠤᠨ ᠡᠭᠦᠯᠡᠨ ᠪᠤᠳᠤᠯᠲᠠ ᠶᠢᠨ ᠪᠠᠷᠠᠭᠤᠨ ᠡᠮᠦᠨ᠎ᠡ ᠤᠷᠤᠨ ᠤ ᠡᠵᠡᠩᠨᠡᠯᠲᠡ ᠶᠢᠨ ᠲᠦᠪ ᠵᠢᠩᠬᠢᠨᠢ ᠪᠠᠷ ᠡᠬᠢᠯᠡᠪᠡ᠃ ᠲᠣᠭᠠᠴᠢᠯᠠᠭᠰᠠᠨ ᠠᠵᠤ ᠠᠬᠤᠶ ᠬᠢᠭᠡᠳ ᠦᠢᠯᠡᠳᠬᠦ ᠦᠢᠯᠡᠰ ᠤᠨ ᠭᠦᠨᠵᠡᠭᠡᠶ ᠠᠭᠤᠰᠤᠯᠴᠠᠯ ᠢ ᠶᠡᠭᠡ ᠪᠠᠷ ᠠᠬᠢᠭᠤᠯᠵᠤ᠂ 35 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠲᠣᠭᠠᠴᠢᠯᠠᠭᠰᠠᠨ ᠣᠨᠣᠰᠢᠯᠠᠯᠲᠠ ᠶᠢ ᠪᠡᠶᠡᠯᠡᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ ᠢ 12 ᠡᠷᠦᠬᠡ  ᠪᠠᠶᠢᠭᠤᠯᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠡᠶᠢᠲᠡ 54 ᠡᠷᠦᠬᠡ ᠮᠠᠭᠠᠳᠯᠠᠨ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 50 ᠡᠷᠦᠬᠡ ᠢ ᠤᠷᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠢ 8 ᠪᠠᠶᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠡᠨᠧᠷᠭᠢ ᠣᠯᠭᠤᠬᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠡᠷᠴᠢᠮ ᠢ ᠴᠢᠩᠭᠠᠷᠠᠭᠤᠯᠵᠤ᠂ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠤᠭᠤᠲᠤ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠵᠢᠴᠢ ᠲᠡᠷᠢᠭᠦᠨ ᠤ ᠮᠠᠲ᠋ᠧᠷᠢᠶᠠᠯ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ ᠮᠠᠨ ᠤ  ᠲᠤᠭᠤᠷᠢᠭ ᠲᠤ ᠫᠠᠶᠢᠰᠠ ᠡᠯᠭᠦᠨ ᠪᠠᠶᠢᠭᠤᠯᠤᠭᠳᠠᠪᠠ᠃ ᠬᠤᠩ ᠶᠤᠸᠠᠨ ᠰᠢᠨ᠎ᠡ ᠮᠠᠲ᠋ᠧᠷᠢᠶᠠᠯ ᠨᠢ ᠤᠯᠤᠰ ᠤᠨ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠬᠤᠷᠠᠮᠠᠯ ᠦᠢᠯᠡᠴᠢᠯᠡᠭᠡᠨ ᠤ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠢᠶᠠᠷ ᠦᠨᠡᠯᠡᠭᠳᠡᠪᠡ᠃ ᠰᠠᠶᠢᠪᠸᠢ ᠮᠠᠰᠢᠨ ᠮᠧᠬᠠᠨᠢᠭ᠂ ᠪᠧᠢ ᠪᠧᠨ ᠴᠢᠶᠣᠤ ᠬᠠᠶᠢᠷᠴᠠᠭ᠂ ᠨᠠᠨ ᠭᠤᠤ ᡂᠢ ᠤᠯᠤᠰ ᠤᠨ ᠲᠡᠰ ᠤᠨ ᠪᠣᠬᠢᠷᠲᠤᠯ ᠦᠭᠡᠢ ᠦᠢᠯᠡᠳᠪᠦᠷᠢ ᠪᠠᠷ ᠦᠨᠡᠯᠡᠭᠳᠡᠵᠦ᠂ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠥᠪᠥᠷ ᠮᠣᠩᠭᠤᠯ ᠤᠨ ᠤᠷᠠᠨ ᠳᠠᠷᠬᠠᠨ ᠤ ᠳᠡᠭᠡᠳᠦ ᠰᠤᠷᠭᠠᠭᠤᠯᠢ ᠪᠠᠷ ᠦᠨᠡᠯᠡᠭᠳᠡᠵᠦ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠸᠠᠩ ᠱᠢ ᠯᠢᠶᠠᠩ ᠠᠵᠢᠯᠯᠠᠬᠤ ᠦᠷᠦᠭᠡ᠂ ᠨᠢᠭᠡᠳᠦᠭᠡᠷ ᠮᠠᠰᠢᠨ ᠮᠧᠬᠠᠨᠢᠭ ᠤᠨ ᠵᠠᠩ ᠰᠢᠤᠸᠠᠢ ᠬᠠᠢ ᠶᠢᠨ ᠠᠵᠢᠯᠯᠠᠬᠤ ᠦᠷᠦᠭᠡ  ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠰᠢᠨ᠎ᠡ ᠶᠢ ᠡᠭᠦᠳᠬᠦ ᠪᠦᠯᠬᠦᠮ ᠢᠶᠠᠷ ᠦᠨᠡᠯᠡᠭᠳᠡᠵᠦ᠂ ᠬᠤᠩ ᠶᠤᠸᠠᠨ ᠰᠢᠨ᠎ᠡ ᠮᠠᠲ᠋ᠧᠷᠢᠶᠠᠯ ᠨᠢ ᠪᠦᠬᠦ ᠬᠤᠳᠠ ᠶᠢᠨ ᠴᠤᠷ ᠤᠨ ᠭᠠᠭᠴᠠ ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠡᠮᠦᠨ᠎ᠡ ᠠᠷᠪᠠᠨ ᠠᠵᠤ ᠠᠬᠤᠶᠢᠯᠠᠯ ᠤᠨ ᠬᠦᠷᠢᠶᠡᠨ ᠳᠤ ᠣᠷᠣᠪᠠ᠃ ᠵᠢᠩ ᠤᠣ ᠶᠢᠨ ᠪᠦᠦ ᠹᠠᠩ᠂ ᠠᠲ᠋ᠥᠰ ᠴᠢᠦᠢ ᠰᠢᠶᠣᠣ ᠬᠤᠸᠠ 2 ᠠᠵᠤ ᠠᠬᠤᠶᠢᠯᠠᠯᠲᠠᠨ ᠬᠤᠶᠠᠳᠤᠭᠠᠷ ᠬᠤᠭᠤᠴᠠᠭᠠᠨ ᠤ ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ ᠢ ᠬᠦᠷᠲᠡᠪᠡ᠃ ︽ᠵᠢᠱᠢᠶ᠎ᠡ ᠦᠵᠡᠭᠦᠯᠬᠦ ᠲᠦᠷᠭᠡᠨ ᠵᠤᠤᠬ᠎ᠠ ᠶᠢᠨ ᠬᠠᠮᠢᠶ᠎ᠠ ᠪᠦᠬᠦᠢ ᠤᠭᠰᠠᠷᠠᠭ᠎ᠠ ᠲᠣᠨᠤᠭ ᠢ ᠤᠭᠰᠠᠷᠠᠵᠤ ᠭᠠᠩᠨᠠᠬᠤ ᠰᠢᠰᠲ᠋ᠧᠮ ᠢ ᠰᠤᠳᠤᠯᠤᠨ ᠦᠢᠯᠡᠳᠬᠦ︾ ᠵᠡᠷᠭᠡ 4 ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠢ ᠭᠥᠷᠳᠡᠵᠦ᠂ ︽ᠤᠯᠤᠰ ᠲᠠᠭᠠᠨ ᠦᠢᠯᠡᠳᠪᠦᠷᠢᠯᠡᠭᠰᠡᠨ ᠮᠠᠶ᠋ᠢᠭ ᠤᠨ ᠥᠨᠳᠥᠷ ᠳᠤᠯᠠᠭᠠᠨ ᠳᠤ ᠰᠢᠲᠠᠭᠠᠨ ᠪᠠᠷᠢᠯᠳᠤᠭᠤᠯᠬᠤ ᠵᠤᠤᠬ᠎ᠠ ᠶᠢ ᠰᠤᠳᠤᠯᠤᠨ ᠦᠢᠯᠡᠳᠬᠦ ᠲᠥᠷᠥᠯ ᠵᠦᠢᠯ︾ ᠨᠢ ᠥᠪᠡᠷᠲᠡᠭᠡᠨ ᠵᠠᠰᠠᠬᠤ ᠣᠷᠣᠨ ᠤ ᠲᠦᠷᠦᠭᠦᠸ ᠪᠦᠯᠦᠭ ᠤᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠤᠨ ︽ᠵᠠᠷᠯᠠᠨ ᠮᠠᠩᠯᠠᠶᠢᠯᠠᠭᠤᠯᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠳᠡᠮᠵᠢᠯᠭᠡ ᠶᠢ ᠣᠯᠵᠤ᠂ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢᠶᠠᠷ ᠦᠨᠡᠯᠡᠭᠳᠡᠪᠡ᠃ ᠪᠦᠬᠦ ᠵᠢᠯ ᠳᠤ ᠲᠤᠰᠬᠠᠢ ᠠᠰᠢᠭ ᠤᠨ ᠡᠷᠬᠡ ᠣᠯᠭᠤᠯᠲᠠ ᠶᠢ 576 ᠬᠤᠪᠢ ᠰᠢᠨ᠎ᠡ ᠪᠠᠷ ᠨᠡᠮᠡᠭᠳᠡᠭᠦᠯᠵᠦ᠂ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢ 1053 ᠬᠤᠪᠢ ᠰᠢᠨ᠎ᠡ ᠪᠠᠷ ᠨᠡᠮᠡᠭᠳᠡᠭᠦᠯᠪᠡ᠃ ᠪᠧᠢ ᠪᠧᠨ ᠬᠦᠨᠳᠦ ᠮᠠᠰᠢᠨ ᠲᠡᠷᠭᠡᠨ ᠤ ᠺᠣᠮᠫᠠᠨᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢᠶᠠᠷ ᠦᠨᠡᠯᠡᠭᠳᠡᠵᠦ᠂ ᠨᠠᠨ ᠭᠤᠸ ᡂᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢᠶᠠᠷ ᠦᠨᠡᠯᠡᠭᠳᠡᠵᠦ᠂ ᠨᠢᠭᠡᠳᠦᠭᠡᠷ ᠮᠠᠰᠢᠨ ᠲᠡᠷᠭᠡᠨ ᠤ ᠪᠦᠯᠦᠭᠯᠡᠯ ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠥᠨᠳᠥᠷ ᠥᠷᠲᠡᠭᠲᠦ ᠲᠤᠰᠬᠠᠢ ᠠᠰᠢᠭ ᠤᠨ ᠡᠷᠬᠡ ᠪᠣᠶᠢᠵᠢᠭᠤᠯᠬᠤ ᠲᠥᠪ ᠢᠶᠠᠷ ᠵᠥᠪᠰᠢᠶᠡᠷᠡᠭᠳᠡᠵᠦ᠂ ᠤᠮᠠᠷᠠᠲᠦ ᠶᠢᠨ ᠬᠦᠨᠳᠦ ᠠᠵᠦ ᠦᠢᠯᠡᠳᠪᠦᠷᠢ ᠪᠦᠯᠦᠭᠯᠡᠯ ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠡᠵᠡᠩᠨᠡᠯᠲᠡ ᠶᠢᠨ ᠲᠥᠪ ᠢᠶᠠᠷ ᠵᠥᠪᠰᠢᠶᠡᠷᠡᠭᠳᠡᠵᠡᠢ᠃       ᠬᠤᠶᠠᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠵᠦ ᠯᠠᠪᠳᠠᠭᠤᠨ ᠢᠶᠠᠷ ᠠᠶᠠᠯᠠᠪᠠ᠃ ᠤᠯᠤᠰ ᠤᠨ  ᠭᠠᠶᠢᠯᠢ ᠬᠠᠰᠤᠵᠦ ᠰᠦᠢᠳᠭᠡᠯ ᠪᠠᠭᠤᠷᠠᠭᠤᠯᠬᠤ ᠶᠢ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠶᠢᠲᠡ 10.4 ᠳ᠋ᠦᠩᠰᠢᠭᠤᠷ ᠲᠥᠭᠦᠷᠢᠭ ᠬᠠᠰᠤᠵᠦ ᠪᠠᠭᠤᠷᠠᠭᠤᠯᠪᠠ᠃ ᠠᠵᠤ ᠠᠬᠤᠶᠢᠯᠠᠯ ᠳᠤ ᠳᠠᠭᠠᠭᠠᠯᠲᠠ ᠲᠠᠢ ᠵᠢᠭᠡᠯᠡᠯᠭᠡ᠂ ᠭᠤᠣᠯᠳᠠᠯᠭ᠎ᠠ ᠲᠠᠢ ᠠᠵᠤ ᠦᠢᠯᠡᠰ ᠤᠨ ᠱᠠᠩᠨᠠᠯ ᠨᠥᠬᠦᠪᠥᠷᠢ ᠵᠡᠷᠭᠡ ᠪᠡᠯᠡ ᠮᠥᠩᠭᠦ 11.7 ᠳ᠋ᠦᠩᠰᠢᠭᠤᠷ ᠲᠥᠭᠦᠷᠢᠭ ᠥᠭᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ  ᠪᠠᠶᠡᠯᠡᠭᠦᠯᠪᠡ᠃ 79 ᠲᠦᠷᠦᠯ ᠵᠦᠢᠯᠡᠰ ᠢ ︽ᠲᠠᠨ ᠢ ᠬᠠᠪᠰᠤᠷᠤᠨ ᠭᠦᠢᠴᠡᠳᠭᠡᠬᠦ︾᠂ 81 ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾᠂ 93 ᠲᠦᠷᠦᠯ ᠵᠦᠢᠯᠡᠰ ᠢ ︽ᠪᠦᠬᠦ ᠣᠷᠣᠨ ᠳᠤ ᠨᠡᠶᠢᠳᠡᠮ ᠭᠦᠢᠴᠡᠳᠭᠡᠬᠦ︾᠂ 239 ᠲᠦᠷᠦᠯ ᠵᠦᠢᠯᠡᠰ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠪᠣᠯᠭᠠᠪᠠ᠃ ᠪᠥᠬᠦ ᠵᠢᠯ ᠳᠤ 8168 ᠵᠠᠬ᠎ᠠ ᠳᠡᠯᠭᠡᠭᠦᠷ ᠤᠨ ᠭᠤᠤᠯ ᠴᠣᠭᠴᠠ᠂ 276 ᠳ᠋ᠦᠩᠰᠢᠭᠤᠷ ᠲᠥᠭᠦᠷᠢᠭ ᠤᠨ ᠳᠠᠩᠰᠠᠯᠠᠭᠤᠯᠤᠭᠰᠠᠨ ᠬᠥᠷᠥᠩᠭᠡ ᠰᠢᠨ᠎ᠡ ᠪᠠᠷ ᠨᠡᠮᠡᠭᠳᠡᠪᠡ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠨᠢ ᠲᠠᠷᠠᠬᠠᠶ ᠪᠤᠲᠠᠷᠬᠠᠶ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠬᠦ᠂ ᠵᠠᠮ ᠵᠢᠴᠢ ᠨᠤᠭᠤᠭᠠᠷᠠᠭᠤᠯᠤᠯᠲᠠ ᠶᠢᠨ ᠪᠦᠰᠡ ᠶᠢ ᠬᠦᠴᠦᠨ ᠥᠬᠡᠶ ᠪᠣᠯᠭᠠᠬᠤ ᠪᠠ ᠪᠠᠭᠠᠰᠬᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠯᠠ ᠪᠠᠶᠢᠭ᠎ᠠ ᠭᠠᠵᠠᠷ ᠰᠢᠷᠣᠶ ᠶᠢ 4500 ᠮᠥ᠂ ᠠᠰᠠᠷ ᠪᠠᠶᠢᠰᠢᠩ ᠪᠠ ᠦᠢᠯᠡᠳᠪᠦᠷᠢ ᠶᠢᠨ ᠬᠡᠷ ᠪᠠᠶᠢᠰᠢᠩ ᠢ 1.96 ᠲᠦᠮᠡᠨ ᠲᠡᠭᠰᠢ ᠳᠥᠷᠪᠡᠯᠵᠢᠨ ᠮᠧᠲᠷ ᠠᠮᠢᠯᠠᠭᠤᠯᠵᠤ᠂ ᠬᠠᠮᠢᠶ᠎ᠠ ᠪᠥᠬᠦᠶ ᠠᠷᠭ᠎ᠠ ᠬᠢᠳᠡᠯ ᠬᠤᠲᠠ ᠶᠢᠨ ᠨᠠᠮ ᠤᠨ ᠬᠤᠷᠢᠶ᠎ᠠ ᠶᠢᠨ ᠭᠦᠢᠴᠡᠳ ᠨᠤᠲᠠᠯᠠᠯᠲᠠ ᠶᠢ ᠤᠯᠤᠭᠰᠠᠨ ᠪᠥᠭᠡᠳ ᠪᠥᠬᠦ ᠬᠤᠲᠠ ᠳᠤ ᠳᠡᠯᠭᠡᠷᠡᠭᠦᠯᠪᠡ᠃ ᠳᠡᠭᠡᠳᠦ ᠱᠠᠲᠤᠨ ᠠᠴᠠ ᠲᠤᠰᠴᠤ ᠠᠪᠤᠭᠰᠠᠨ ᠪᠠ ᠪᠡᠶ᠎ᠡ ᠪᠠᠨ ᠳᠠᠭᠠᠭᠠᠵᠤ ᠥᠭᠡᠷᠡᠴᠢᠯᠡᠭᠰᠡᠨ 76 ᠵᠦᠢᠯ ᠢ ᠥᠨᠳᠥᠷ ᠪᠠᠷᠢᠮᠵᠢᠶ᠎ᠠ ᠪᠠᠷ ᠪᠥᠬᠦ ᠤᠯᠤᠰ ᠤᠨ ᠠᠩᠬᠠᠳᠠᠭᠴᠢ ᠪᠦᠯᠦᠭ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠬᠤᠲᠠ ᠶᠢ ᠰᠢᠯᠭᠠᠨ ᠠᠪᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ︽2121︾ ᠢᠨᠵᠧᠨᠧᠷᠢᠩ ᠢ ᠵᠠᠯᠭᠠᠨ ᠬᠡᠷᠡᠭᠵᠢᠭᠦᠯᠬᠦ ᠶᠢᠨ ᠬᠠᠮᠲᠤ ᠳᠤᠮᠳᠠ ᠬᠤᠭᠤᠴᠠᠭᠠᠨ ᠤ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠢᠳᠠᠪᠤᠷᠢ ᠪᠠ ᠪᠡᠯᠡᠳᠭᠡᠯ ᠬᠦᠴᠦᠨ ᠤ ᠪᠠᠶᠢᠭᠤᠯᠤᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠡᠪᠯᠡᠯ ᠤᠨ ᠲᠥᠪ ᠬᠤᠷᠢᠶᠠᠨ ᠤ ︽ᠬᠠᠨᠢᠲᠠᠨ ᠤ ᠲᠥᠯᠥᠪᠯᠡᠭᠡ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠬᠠᠳᠠ ᠨᠡᠶᠢᠭᠡᠮ ᠲᠣᠭᠤᠷᠢᠭ ᠢ ᠡᠪᠯᠡᠯ ᠤᠨ ᠲᠥᠪ ᠬᠤᠷᠢᠶᠠᠨ ᠤ ᠬᠤᠲᠠ ᠶᠢᠨ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠨᠡᠶᠢᠭᠡᠮ ᠲᠣᠭᠤᠷᠢᠭ ᠢᠶᠠᠷ ᠲᠣᠭᠲᠠᠭᠠᠪᠠ᠃ ᠣᠷᠤᠭ ᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠢ ᠥᠷᠭᠡᠳᠬᠡᠨ ᠪᠠᠶᠢᠭᠤᠯᠵᠤ᠂ ᠣᠷᠤᠭ ᠤᠨ ᠪᠦᠷᠢᠳᠬᠡᠯ ᠤᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠪᠥᠬᠦ ᠬᠤᠲᠠ ᠳᠤ ᠨᠢᠭᠡᠳᠦᠭᠡᠷ ᠲᠤ ᠣᠷᠣᠪᠠ᠃ ᠥᠪᠡᠷᠲᠡᠭᠡᠨ ᠵᠠᠰᠠᠬᠤ ᠣᠷᠣᠨ ᠤ ︽ᠪᠣᠯᠪᠠᠰᠤᠨ ᠤ ᠰᠢᠨ᠎ᠡ ᠰᠤᠷᠲᠠᠯ ᠢ ᠲᠦᠮᠡᠨ ᠡᠷᠦᠬᠡ ᠳᠤ ᠬᠦᠷᠭᠡᠬᠦ︾ ᠲᠤᠬᠠᠢ ᠶᠢᠨ ᠲᠠᠯᠠᠪᠤᠷ ᠤᠨ ᠬᠤᠷᠠᠯ ᠢ ᠳᠠᠭᠠᠭᠠᠨ ᠡᠷᠭᠢᠯᠡᠵᠦ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠵᠢᠴᠢ 13 ᠮᠤᠵᠢ ᠣᠷᠣᠨ ᠤ ᠣᠶᠤᠨ ᠤ ᠪᠣᠯᠪᠠᠰᠤᠨ ᠤ ᠹᠷᠣᠨᠲ ᠤᠨ ᠤᠳᠤᠷᠢᠳᠤᠯᠭ᠎ᠠ ᠶᠢᠨ ᠰᠢᠨᠵᠢᠯᠡᠨ ᠪᠠᠶᠢᠴᠠᠭᠠᠵᠤ ᠵᠢᠭᠠᠨ ᠵᠢᠯᠤᠭᠤᠳᠬᠤ ᠶᠢ ᠭᠥᠯᠢᠶᠡᠨ ᠠᠪᠤᠪᠠ᠃ ᠬᠤᠷᠢᠮ ᠤᠨ ᠵᠠᠩᠰᠢᠯ ᠤᠨ ᠥᠭᠡᠷᠡᠴᠢᠯᠡᠯᠲᠡ ᠵᠡᠷᠭᠡ 3 ᠬᠡᠷᠡᠭ ᠤᠨ ᠵᠢᠱᠢᠶ᠎ᠡ ᠨᠢ 2023 ᠣᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠰᠢᠯᠢᠳᠡᠭ ᠱᠠᠩᠨᠠᠯ ᠢ ᠭᠥᠷᠳᠡᠪᠡ᠃       ᠭᠤᠷᠪᠠ ᠳᠤ ᠬᠤᠶᠠᠷ ᠢ ᠡᠯᠰᠡᠵᠦ ᠬᠤᠶᠠᠷ ᠢ ᠲᠠᠲᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ 175 ᠲᠥᠷᠥᠯ ᠵᠦᠢᠯ ᠳᠤ ᠭᠡᠷ᠎ᠡ ᠲᠣᠭᠲᠠᠵᠤ᠂ ᠬᠡᠯᠡᠯᠴᠡᠭᠡᠷ ᠤᠨ ᠵᠣᠭᠤᠰ ᠤᠨ ᠲᠤᠭ᠎ᠠ 1111.9 ᠳ᠋ᠦᠩᠰᠢᠭᠤᠷ ᠲᠥᠭᠦᠷᠢᠭ ᠲᠤ ᠬᠥᠷᠪᠡ︔ 155 ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠨᠠᠶᠢᠲᠠᠪᠦᠷᠢᠵᠢᠭᠤᠯᠤᠯᠲᠠ ᠶᠢᠨ ᠨᠤᠷᠮ᠎ᠠ 88.6% ᠳᠤ ᠬᠦᠷᠪᠡ︔ ︽ᠭᠤᠷᠪᠠᠨ ᠲᠥᠷᠥᠯ ᠤᠨ 500 ᠬᠦᠴᠦᠷᠬᠡᠭ︾ ᠪᠠ ᠵᠠᠬ᠎ᠠ ᠳᠡᠯᠭᠡᠭᠦᠷ ᠲᠤ ᠭᠠᠷᠤᠭᠰᠠᠨ 13 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 124 ᠲᠥᠷᠥᠯ ᠵᠦᠢᠯ ᠢ ᠠᠵᠢᠯ ᠡᠬᠢᠯᠡᠭᠦᠯᠦᠨ᠂ ᠠᠵᠢᠯ ᠡᠬᠢᠯᠡᠭᠦᠯᠦᠭᠰᠡᠨ ᠨᠣᠷᠮ᠎ᠠ ᠨᠢ 70.1% ᠳᠤ ᠬᠥᠷᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 92ᠭᠤᠣᠯᠳᠠᠯᠭ᠎ᠠ ᠲᠠᠢ  ᠲᠥᠷᠥᠯ ᠵᠦᠢᠯ ᠢ ᠬᠡᠷᠡᠭᠵᠢᠭᠦᠯᠵᠦ᠂ 333.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 58 ᠲᠥᠷᠥᠯ ᠵᠦᠢᠯ ᠢ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ 112 ᠰᠢᠨ᠎ᠡ ᠪᠠᠷ ᠨᠡᠮᠡᠭᠳᠡᠪᠡ᠃ ᠱᠠᠨᠳᠦ᠋ᠩ ᠶᠠᠨᠲ᠋ᠠᠢ᠂ ᠵᠢᠶᠠᠩᠰᠤ ᠥᠰᠢ ᠵᠡᠷᠭᠡ ᠲᠣᠮᠣ ᠬᠡᠯᠪᠡᠷᠢ ᠶᠢᠨ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠢ 17 ᠤᠳᠠᠭ᠎ᠠ ᠵᠣᠬᠢᠶᠠᠨ ᠪᠠᠶᠢᠭᠤᠯᠤᠨ ᠣᠷᠣᠯᠴᠠᠵᠤ᠂ ᠮᠠᠨ ᠤ ᠲᠤᠭᠤᠷᠢᠭ ᠤᠨ ᠬᠥᠭᠵᠢᠯᠲᠡ ᠶᠢᠨ ᠳᠠᠪᠠᠭᠤᠯᠢᠭ ᠢ ᠪᠦᠬᠦ ᠲᠠᠯ᠎ᠠ ᠪᠠᠷ ᠤᠯᠠᠨ ᠲᠠᠯ᠎ᠠ ᠠᠴᠠ ᠤᠬᠠᠭᠤᠯᠤᠨ ᠲᠠᠨᠢᠯᠴᠠᠭᠤᠯᠪᠠ᠃ ᠰᠤᠯᠠ ᠲᠠᠯᠪᠢᠭᠳᠠᠵᠤ ᠪᠠᠶᠢᠭ᠎ᠠ ᠠᠰᠠᠷ ᠲᠠᠭᠲᠤ ᠶᠢᠨ ᠡᠬᠢ ᠪᠠᠶᠠᠯᠢᠭ ᠢ ᠠᠮᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ︽ᠮᠣᠷᠢᠨ ᠤ ᠰᠣᠶᠣᠯ︾ ᠢᠶᠠᠷ ᠭᠤᠣᠯ ᠰᠡᠳᠦᠪ ᠪᠣᠯᠭᠠᠭᠰᠠᠨ ᠠᠵᠢᠨᠠᠢ ᠬᠦᠯᠦᠭ ᠪᠠᠭᠤᠳᠠᠯ ᠠᠰᠢᠭᠯᠠᠯᠲᠠ ᠳᠤ ᠣᠷᠣᠪᠠ᠃ ᠮᠧᠢ ᠲᠤᠸᠠᠨ ︽ᠣᠶᠤᠨᠲᠤ ᠵᠠᠮ ᠬᠠᠷᠢᠯᠴᠠᠭᠠᠨ ᠤ ᠪᠠᠷᠠᠭᠤᠨ ᠬᠤᠶᠢᠲᠤ ᠶᠢᠨ ᠡᠵᠡᠩᠨᠡᠯᠲᠡ ᠶᠢᠨ ᠲᠥᠪ︾ ᠵᠡᠷᠭᠡ 3 ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠴᠢᠨᠠᠷ ᠰᠠᠶᠢᠲᠠᠢ ᠣᠷᠣᠭᠤᠯᠤᠨ ᠠᠪᠴᠢᠷᠠᠵᠤ᠂ ᠣᠶᠢᠷ᠎ᠠ ᠶᠢᠨ ᠭᠤᠷᠪᠠᠨ ᠵᠢᠯ ᠳᠤ  ᠭᠠᠳᠠᠭᠠᠲᠦ ᠪᠡᠯᠡ ᠮᠦᠩᠬᠦ ᠦᠭᠡᠢ ᠪᠠᠶᠢᠳᠠᠯ ᠢ ᠡᠪᠳᠡᠵᠦ᠂ 350 ᠲᠦᠮᠡᠨ ᠳ᠋ᠣᠯᠯᠠᠷ  ᠤᠷᠤᠭᠤᠯᠵᠦ ᠠᠪᠴᠢᠷᠠᠵᠠᠢ᠃ ᠴᠢᠳᠠᠪᠤᠷᠢᠲᠠᠨ ᠢ ᠡᠯᠰᠡᠨ ᠬᠥᠮᠥᠵᠢᠭᠦᠯᠬᠦ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ 222ᠡᠯ᠎ᠡ ᠲᠦᠷᠦᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ ᠴᠧᠨ ᠯᠢᠶᠠᠩ᠂ ᠸᠠᠩ ᠵᠢᠶᠠᠨ ᠭᠤᠸᠠᠩ᠂ ᠸᠠᠩ ᠸᠧᠨ ᠱᠠᠨ ᠭᠤᠷᠪᠠᠭᠤᠯᠠ ᠤᠮᠠᠷᠠᠲᠤ ᠬᠢᠯᠢ ᠶᠢᠨ ᠤᠷᠠᠨ ᠳᠠᠷᠬᠠᠨ ᠢᠶᠠᠷ ᠨᠡᠷᠡᠶᠢᠳᠦᠭᠳᠡᠵᠦ᠂ ᠪᠥᠬᠦ ᠬᠤᠲᠠ ᠶᠢᠨ 50% ᠶᠢ ᠡᠵᠡᠯᠡᠪᠡ᠃ ᠸᠠᠩ ᠱᠢ ᠯᠢᠶᠠᠩ ᠤᠨ ᠠᠵᠢᠯᠯᠠᠬᠤ ᠲᠠᠰᠤᠭ ᠤᠯᠤᠰ ᠤᠨ ᠳᠡᠰ ᠤᠨ ᠤᠷ᠎ᠠ ᠮᠡᠷᠭᠡᠵᠢᠯ ᠤᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠢᠶᠠᠷ ᠦᠨᠡᠯᠡᠭᠳᠡᠵᠦ᠂ ᠵᠠᠩ ᠰᠢᠤᠸᠠᠢ ᠬᠠᠢ ᠲᠥᠪ ᠤᠨ ᠠᠵᠤ ᠠᠬᠤᠶᠢᠯᠠᠯ ᠤᠨ ︽ᠲᠣᠮᠣ ᠤᠯᠤᠰ ᠤᠨ ᠤᠷᠠᠴᠤᠳ︾ ᠢᠶᠠᠷ ᠰᠣᠩᠭᠤᠭᠳᠠᠪᠠ᠃ ᠠᠩᠬᠠᠳᠤᠭᠠᠷ ᠬᠤᠭᠤᠴᠠᠭᠠᠨ ᠤ ᠪᠥᠬᠦ ᠠᠵᠢᠯᠲᠠᠨ ᠤ ᠠᠵᠢᠯ ᠤᠨ ᠪᠠᠶᠢᠷᠢ ᠶᠢᠨ ᠶᠡᠭᠡ ᠰᠤᠷᠭᠠᠭᠤᠯᠢᠯᠠᠯ ᠵᠢᠴᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠲᠥᠪ ᠤᠨ ᠣᠯᠠᠨ ᠵᠠᠭᠤᠴᠢᠯᠠᠭᠤᠷ ᠤᠨ ᠬᠢᠨ ᠤᠬᠠᠭᠤᠯᠤᠨ ᠮᠡᠳᠡᠭᠡᠯᠡᠵᠡᠢ᠃       ︵ᠭᠤᠷᠪᠠ︶ ᠬᠤᠳᠠ ᠶᠢ ᠰᠢᠨᠡᠳᠬᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ      ᠨᠢᠭᠡ ᠳᠤ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠬᠤᠲᠠ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠪᠠ᠃ ︽ᠴᠢᠩᠱᠠᠨ ᠤ ᠦᠵᠡᠮᠵᠢ︾ ᠶᠢᠨ ᠣᠶᠤᠨᠴᠢ ᠬᠠᠮᠢᠶᠠᠷᠤᠯᠲᠠ ᠶᠢᠨ ᠲᠠᠪᠴᠠᠩ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠰᠢᠭᠯᠠᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠢ ᠠᠬᠢᠭᠤᠯᠵᠤ᠂ ᠲᠠᠪᠴᠠᠩ ᠢ ᠲᠣᠭᠤᠷᠢᠨ ᠪᠠᠶᠢᠴᠠᠭᠠᠵᠤ ᠺᠠᠷᠲ ᠴᠣᠬᠢᠬᠤ᠂ ᠬᠡᠷᠡᠭ ᠢ ᠰᠢᠢᠳᠪᠦᠷᠢᠯᠡᠬᠦ ᠲᠤᠭ᠎ᠠ ᠬᠡᠮᠵᠢᠶ᠎ᠡ  ᠪᠦᠬᠦ ᠬᠤᠳᠠ ᠳᠤ ᠲᠡᠷᠢᠭᠦᠨ ᠳᠤ ᠵᠢᠭᠰᠠᠭᠠᠭᠳᠠᠪᠠ᠃ ᠬᠤᠳᠠ ᠶᠢ ᠴᠣᠭᠴᠠᠯᠠᠬᠤ᠂ ᠡᠷᠡᠭᠦᠯ ᠬᠠᠮᠠᠭᠠᠯᠠᠯ ᠢ ᠬᠠᠮᠠᠭᠠᠯᠠᠬᠤ ᠪᠠᠶᠢᠴᠠᠭᠠᠯᠲᠠ ᠶᠢᠨ ᠪᠠᠷᠢᠮᠵᠢᠶ᠎ᠠ ᠲᠠᠢ ᠴᠢᠩᠭ᠎ᠠ ᠬᠠᠷᠢᠴᠠᠭᠤᠯᠤᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂11470 ᠵᠠᠮ  ᠡᠵᠡᠯᠡᠨ ᠡᠵᠡᠩᠨᠡᠭᠰᠡᠨ᠂ 10315 ᠨᠡᠭᠦᠳᠡᠯ ᠳᠡᠯᠭᠡᠭᠡ ᠮᠠᠶᠢᠮᠠᠶ ᠶᠢᠨ ᠴᠡᠭ᠂ 11504 ᠵᠢᠷᠭᠤᠭᠠᠨ ᠡᠮᠬᠡ ᠵᠠᠮᠪᠠᠷᠠᠭ᠎ᠠ ᠦᠭᠡᠢ ᠭᠠᠵᠠᠷ ᠢ ᠴᠡᠪᠡᠷᠯᠡᠵᠦ᠂ ᠪᠥᠬᠦ ᠬᠤᠲᠠ ᠶᠢᠨ ᠬᠤᠲᠠ ᠪᠠᠶᠢᠭᠤᠯᠬᠤ ᠳᠠᠭᠤᠷᠢᠶᠠᠮᠠᠯ ᠰᠢᠯᠭᠠᠨ ᠦᠨᠡᠯᠡᠯᠲᠡ ᠳᠤ ᠨᠢᠭᠡᠳᠦᠭᠡᠷ ᠲᠤ ᠵᠢᠭᠰᠠᠭᠠᠭᠳᠠᠪᠠ᠃ ᠳᠤᠷ᠎ᠠ ᠪᠠᠷ ᠢᠶᠠᠨ ᠪᠠᠶᠢᠭᠤᠯᠤᠭᠰᠠᠨ ᠢ ᠴᠡᠭᠴᠡᠯᠡᠨ ᠵᠠᠰᠠᠬᠤ ᠶᠢ ᠬᠠᠤᠯᠢ ᠶᠣᠰᠣᠭᠠᠷ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ 1147 ᠭᠠᠵᠠᠷ᠂ 40835 ᠺᠦᠸᠠᠳ᠋ ᠮᠧᠲᠷ ᠨᠤᠷᠠᠭᠠᠪᠠ᠃ ᠵᠧᠩ ᠱᠢᠶᠠᠩ ᠸᠠᠨ ᠪᠠᠭᠰᠢ ᠶᠢᠨ ᠳᠡᠭᠡᠳᠦ ᠰᠤᠷᠭᠠᠭᠤᠯᠢ᠂ ᠨᠠᠷᠠᠨ ᠰᠥᠨᠢ ᠶᠢᠨ ᠠᠵᠤ ᠠᠬᠤᠢ ᠶᠢᠨ ᠣᠨᠴᠠᠯᠢᠭᠲᠤ ᠵᠡᠭᠡᠯᠢ ᠲᠣᠭᠤᠷᠢᠭ ᠤᠨ ᠰᠥᠨᠢ ᠶᠢᠨ ᠵᠠᠬ᠎ᠠ ᠳᠡᠯᠭᠡᠭᠦᠷ ᠤᠨ ᠬᠥᠮᠦᠨ ᠤ ᠲᠤᠭ᠎ᠠ ᠵᠠᠭᠤᠨ ᠲᠦᠮᠡ ᠶᠢ ᠳᠠᠪᠠᠵᠠᠢ᠃ 1763 ᠡᠷᠦᠬᠡ ᠢᠳᠡᠭᠡᠨ ᠤᠮᠳᠠᠭᠠᠨ ᠤ ᠬᠤᠳᠠᠯᠳᠤᠭᠠᠨ ᠤ ᠡᠷᠦᠬᠡ ︽ᠢᠨᠲ᠋ᠧᠷ ᠰᠦᠯᠵᠢᠶ᠎ᠡ ᠶᠢ ᠢᠯᠡ ᠪᠣᠯᠭᠠᠬᠤ︾ ᠲᠠᠪᠴᠠᠩ ᠨᠡᠭᠡᠭᠡᠵᠦ ᠪᠦᠬᠦ ᠬᠤᠲᠠ ᠳᠤ ᠲᠡᠷᠢᠭᠦᠯᠡᠵᠡᠢ᠃ 385 ᠡᠮ ᠤᠨ ᠳᠡᠯᠭᠡᠭᠦᠷ ︽ᠢᠨᠲ᠋ᠧᠷ ᠰᠦᠯᠵᠢᠶᠡᠨ ᠤ ᠡᠯᠧᠺᠲᠷᠣᠨ ᠵᠣᠷ︾ ᠤᠨ ᠲᠠᠪᠴᠠᠩ ᠳᠤ ᠵᠠᠯᠭᠠᠨ ᠣᠷᠣᠭᠤᠯᠵᠤ ᠪᠦᠬᠦᠨ ᠢ ᠬᠠᠮᠤᠷᠠᠪᠠ᠃ ᠬᠤᠭ ᠨᠣᠪᠰᠢ ᠶᠢ ᠲᠥᠷᠥᠯ ᠬᠤᠪᠢᠶᠠᠬᠤ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠪᠦᠬᠦ ᠬᠤᠲᠠ ᠶᠢᠨ ᠠᠩᠬᠠᠳᠠᠭᠴᠢ ᠬᠤᠭ ᠨᠣᠪᠰᠢ ᠶᠢ ᠲᠥᠷᠥᠯ ᠬᠤᠪᠢᠶᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠢᠴᠢᠶᠡᠯ ᠤᠨ ᠭᠡᠷ ᠢ ᠪᠠᠶᠢᠭᠤᠯᠪᠠ᠃ ︽ᠬᠤᠪᠢᠰᠬᠠᠯᠲᠤ ᠠᠳᠠᠯ ᠠᠬᠤᠶ︾ ᠶᠢᠨ ᠪᠥᠬᠦ ᠬᠤᠲᠠ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠨᠣᠷᠮ᠎ᠠ 80% ᠳᠤ ᠬᠦᠷᠴᠦ᠂ ᠪᠥᠬᠦ ᠬᠤᠲᠠ ᠶᠢᠨ ︽ᠬᠤᠪᠢᠰᠬᠠᠯᠲᠤ ᠠᠳᠠᠯ ᠠᠬᠤᠶ︾ ᠶᠢ ᠡᠭᠦᠳᠦᠨ ᠪᠠᠶᠢᠭᠤᠯᠬᠤ ᠲᠣᠭᠤᠷᠢᠨ ᠦᠵᠡᠵᠦ ᠠᠬᠢᠭᠤᠯᠬᠤ ᠬᠤᠷᠠᠯ ᠨᠢᠭᠡᠳᠦᠭᠡᠷ ᠲᠤ ᠣᠷᠣᠪᠠ᠃ ᠴᠢᠯᠥᠭᠡᠲᠦ ᠵᠠᠮ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠭᠠᠵᠠᠷ ᠨᠢ ᠪᠦᠬᠦ ᠤᠯᠤᠰ ᠤᠨ ᠠᠩᠬᠠᠨ ᠤ ᠪᠦᠯᠦᠭ ᠲᠠᠪᠤᠨ ᠣᠳᠣ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠭᠠᠵᠠᠷ ᠢᠶᠠᠷ ᠦᠨᠡᠯᠡᠭᠳᠡᠪᠡ᠃      ᠬᠤᠶᠠᠷ ᠲᠤ᠂ ᠰᠠᠭᠤᠷᠢᠰᠢᠬᠤ ᠳᠤ ᠲᠣᠬᠢᠷᠠᠮᠵᠢᠲᠠᠶ ᠠᠮᠢ ᠠᠬᠤᠶ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠪ ᠳᠠᠭᠤᠷᠢᠶᠠᠯ ᠢ ᠪᠤᠢ ᠪᠤᠯᠭᠠᠪᠠ᠃ 38 ᠵᠢᠵᠢᠭ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ 1.4 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ ᠪᠦᠬᠦ ᠬᠤᠳᠠ ᠳᠤ ᠡᠩ ᠲᠡᠷᠢᠭᠦᠨ ᠳᠤ 2000 ᠣᠨ ᠠᠴᠠ ᠡᠮᠦᠨᠡᠬᠢ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠭᠦᠷᠭᠡ ᠶᠢ ᠪᠡᠶᠡᠯᠡᠭᠦᠯᠪᠡ᠃ ᠵᠢᠵᠢᠭ ᠬᠠᠭᠤᠴᠢᠨ ᠲᠣᠭᠤᠷᠢᠭ ᠪᠠ ︽ᠭᠤᠷᠪᠠᠨ ᠬᠠᠩᠭᠠᠯᠭ᠎ᠠ ᠨᠢᠭᠡ ᠦᠢᠯᠡᠰ︾ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ︽ᠡᠷᠭᠢᠨ ᠬᠠᠷᠠᠬᠤ︾ ᠠᠵᠢᠯ ᠢ ᠰᠢᠨ᠎ᠡ ᠶᠢ ᠡᠭᠦᠳᠦᠨ ᠥᠷᠨᠢᠭᠦᠯᠵᠦ᠂ ᠬᠠᠮᠢᠶ᠎ᠠ ᠪᠦᠬᠦᠢ ᠠᠵᠢᠯ ᠤᠨ ᠲᠤᠷᠰᠢᠯᠭ᠎ᠠ ᠶᠢ ᠬᠤᠲᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠤᠨ ᠲᠤᠰᠬᠠᠶ ᠰᠡᠳᠬᠦᠯ ᠳᠤ ᠨᠠᠶᠢᠷᠠᠭᠤᠯᠤᠨ ᠲᠠᠷᠬᠠᠭᠠᠭᠰᠠᠨ ᠤ ᠬᠠᠮᠲᠤ ᠬᠤᠲᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠴᠣᠬᠤᠯᠠᠪᠤᠷᠢ ᠦᠭᠴᠦ ᠪᠦᠬᠦ ᠬᠤᠲᠠ ᠳᠤ ᠳᠡᠯᠭᠡᠷᠡᠭᠦᠯᠪᠡ᠃ ᠪᠤᠭᠤᠲᠤ ᠬᠤᠳᠠ ᠶᠢ ᠲᠦᠯᠦᠭᠡᠯᠡᠨ ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠳᠡᠭᠡᠷ᠎ᠡ ᠲᠤᠷᠰᠢᠯᠭ᠎ᠠ ᠪᠠᠨ ᠰᠣᠯᠢᠯᠴᠠᠪᠠ᠃ ᠰᠠᠭᠤᠭᠠᠯᠢ ᠠᠷᠠᠳ ‍ᠤᠨ‌ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠪᠦᠬᠦ ᠬᠤᠲᠠ ᠶᠢᠨ ᠨᠢᠭᠡᠳᠦᠭᠡᠷ ᠲᠤ ᠣᠷᠣᠪᠠ᠃ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠨᠡᠶᠢᠭᠡᠮ ᠲᠣᠭᠤᠷᠢᠭ ᠢ ᠪᠥᠬᠦ ᠤᠯᠤᠰ ᠤᠨ ᠬᠤᠲᠠ ᠪᠠᠯᠭᠠᠰᠤ ᠶᠢᠨ  ᠵᠢᠵᠢᠭ‌ᠬᠠᠭᠤᠴᠢᠨ ᠲᠣᠭᠤᠷᠢᠭ ᠢ ᠥᠭᠡᠷᠡᠴᠢᠯᠡᠬᠦ ᠬᠤᠯᠪᠣᠭ᠎ᠠ ᠠᠪᠬᠤ ᠴᠡᠭ ᠤᠨ ᠬᠡᠷᠡᠭ ᠤᠨ ᠵᠢᠱᠢᠶ᠎ᠡ ᠪᠠ ᠤᠯᠤᠰ ᠤᠨ ᠬᠤᠶᠠᠳᠤᠭᠠᠷ ᠪᠦᠯᠦᠭ ᠤᠨ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠴᠡᠭ ᠤᠨ ᠭᠠᠷᠴᠠᠭ ᠲᠤ ᠠᠮᠵᠢᠯᠲᠠ ᠲᠠᠢ ᠵᠢᠭᠰᠠᠭᠠᠭᠳᠠᠪᠠ᠃ 810 ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ ᠤᠭᠰᠠᠷᠠᠵᠤ᠂ 21 ︽ᠪᠢᠴᠢᠯ ᠴᠡᠴᠡᠷᠯᠢᠭ︾ ᠢ ᠥᠭᠡᠷᠡᠴᠢᠯᠡᠨ ᠪᠠᠶᠢᠭᠤᠯᠵᠤ᠂ 1.69 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠰᠢᠷᠣᠢ ᠶᠢ ᠴᠡᠭᠴᠡᠯᠡᠨ ᠵᠠᠰᠠᠵᠤ᠂ 420 ᠮᠦ ᠭᠠᠵᠠᠷ ᠡᠵᠡᠯᠡᠭᠰᠡᠨ ᠲᠥᠪ ᠤᠨ ᠴᠡᠴᠡᠷᠯᠢᠭ ᠢ ᠪᠠᠶᠢᠭᠤᠯᠤᠨ ᠨᠡᠭᠡᠭᠡᠪᠡ᠃ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠵᠢᠴᠢ ᠬᠢᠨᠠᠨ ᠲᠣᠭᠲᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ 28 ᠡᠳᠦᠷ ᠤᠨ ᠬᠤᠭᠤᠴᠠᠭᠠᠨ ᠳᠤ ᠪᠥᠬᠦ ᠬᠤᠲᠠ ᠳᠤ ︽ᠬᠠᠪᠴᠢᠮᠠᠯ ᠭᠡᠷ ᠪᠠᠶᠢᠰᠢᠩ︾ ᠢ ᠲᠠᠲᠠᠪᠤᠷᠢᠯᠠᠨ ᠨᠡᠭᠦᠯᠭᠡᠬᠦ ᠠᠵᠢᠯ ᠢ ᠤᠷᠢᠳᠠᠪᠠᠷ ᠪᠡᠶᠡᠯᠡᠭᠦᠯᠵᠦ᠂ ︽ᠵᠣᠪᠠᠨᠢᠯ︾ ᠶᠢ ︽ᠣᠷᠣᠰᠢᠨ ᠰᠠᠭᠤᠬᠤ ᠳᠤ ᠲᠣᠬᠢᠷᠠᠮᠵᠢᠲᠠᠶ︾ ᠪᠣᠯᠭᠠᠪᠠ᠃ ᠴᠢᠩᠱᠠᠨ ᠤ ᠠᠷᠠᠴᠢᠯᠠᠨ ᠬᠠᠮᠠᠭᠠᠯᠠᠬᠤ ᠬᠦᠷᠢᠶᠡᠯᠡᠩ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠢᠨᠵᠧᠨᠧᠷᠢᠩ ᠨᠢ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠯᠢᠳᠡᠭ ᠪᠦᠲᠦᠴᠡ ᠶᠢᠨ ᠱᠠᠩᠨᠠᠯ ᠬᠦᠷᠲᠡᠪᠡ᠃ ᠬᠤᠲᠠ ᠶᠢᠨ ᠵᠠᠮ ᠬᠠᠷᠢᠯᠴᠠᠭᠠᠨ ᠤ ︽ᠰᠠᠭᠠᠳ ᠦᠭᠡᠢ ᠬᠤᠷᠳᠤᠴᠠ ᠪᠠᠨ ᠲᠦᠷᠭᠡᠳᠭᠡᠬᠦ︾ ᠶᠢ ᠭᠦᠨᠵᠡᠭᠡᠢᠷᠡᠭᠦᠯᠵᠦ᠂ ᠴᠢᠩᠱᠠᠨ ᠶᠡᠭᠡ ᠰᠦᠮ᠎ᠡ ᠶᠢᠨ ᠱᠤᠭᠤᠮ᠂ ᠬᠤᠲᠠ ᠶᠢ ᠬᠤᠶᠢᠲᠦ ᠲᠣᠭᠤᠷᠢᠭᠰᠠᠨ ᠵᠠᠰᠠᠮᠠᠯ ᠵᠠᠮ ᠢ ᠥᠷᠭᠡᠳᠭᠡᠨ ᠪᠠᠢᠭᠤᠯᠬᠤ ᠪᠠᠷᠢᠯᠭ᠎ᠠ ᠤᠷᠤᠭᠰᠢᠲᠠᠢ ᠳᠠᠭᠤᠰᠭᠠᠭᠰᠠᠨ ᠪᠥᠭᠡᠳ ᠬᠤᠭᠤᠴᠠᠭ᠎ᠠ ᠶᠣᠰᠣᠭᠠᠷ ᠲᠡᠷᠭᠡ ᠨᠡᠪᠲᠡᠷᠡᠵᠦ᠂ ᠰᠠᠶᠢᠬᠠᠨ ᠵᠠᠮ  ᠤᠮᠠᠷᠠᠰᠢ ᠤᠷᠳᠤᠳᠬᠠᠭᠰᠠᠨ ᠴᠢᠩᠱᠠᠨ ᠲᠣᠭᠤᠷᠢᠭ ᠤᠨ ᠬᠤᠶᠢᠳᠦ ᠵᠦᠭ ᠶᠠᠪᠤᠬᠤ ᠳᠥᠭᠦᠮ ᠲᠦᠳᠡ ᠵᠠᠮ ᠢ ᠨᠡᠪᠲᠡᠷᠡᠭᠦᠯᠵᠦ᠂ ᠹᠦ᠋ ᠰᠢᠩ ᠶᠡᠭᠡ ᠵᠡᠭᠡᠯᠢ ᠶᠢᠨ ᠲᠦᠷᠭᠡᠨ ᠵᠠᠮ ᠨᠢ ᠪᠦᠬᠦ ᠬᠤᠲᠠ ᠶᠢᠨ ᠬᠤᠲᠠ ᠶᠢᠨ ᠪᠦᠲᠦᠭᠡᠨ ᠪᠠᠢᠭᠤᠯᠤᠯᠲᠠ ᠪᠠ ᠠᠵᠤ ᠠᠬᠤᠢ ᠶᠢᠨ ᠬᠥᠭᠵᠢᠯᠲᠡ ᠶᠢᠨ ᠱᠢᠨ᠎ᠡ ᠲᠡᠩᠭᠡᠯᠢᠭ ᠱᠤᠭᠤᠮ ᠪᠣᠯᠤᠭᠰᠠᠨ ᠪᠠᠢᠨ᠎ᠠ᠃      ᠭᠤᠷᠪᠠ ᠳᠤ᠂ ᠡᠶ᠎ᠡ ᠵᠣᠬᠢᠴᠠᠩᠭᠤᠢ ᠪᠠᠷ ᠬᠠᠮᠲᠤᠷᠠᠨ ᠣᠷᠣᠰᠢᠬᠤ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠪᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠨ ᠤ ᠲᠤᠭᠤᠷᠢᠭ ᠲᠤ ᠬᠤᠯᠪᠣᠭᠳᠠᠬᠤ ᠠᠰᠠᠭᠤᠳᠠᠯ ᠢ ᠦᠨᠳᠦᠰᠦᠨ ᠳᠡᠭᠡᠨ ᠴᠡᠭᠴᠡᠯᠡᠨ ᠰᠠᠶᠢᠵᠢᠷᠠᠭᠤᠯᠪᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ 196 ᠠᠵᠤ ᠠᠬᠤᠶᠢᠯᠠᠯ ᠪᠦᠬᠦᠨ ᠢᠶᠠᠷ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠳᠤ ᠣᠷᠣᠭᠤᠯᠵᠤ᠂ ᠬᠡᠢ ᠳᠤ ᠬᠤᠯᠪᠣᠭᠳᠠᠭᠰᠠᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠪᠦᠬᠦᠨ ᠢ ᠬᠠᠮᠤᠷᠤᠭᠤᠯᠪᠠ᠃ ᠪᠥᠬᠦ ᠲᠤᠭᠤᠷᠢᠭ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 288 ᠡᠳᠦᠷ ᠪᠠᠶᠢᠵᠤ᠂ ᠪᠠᠷᠢᠮᠵᠢᠶ᠎ᠠ ᠳᠤ ᠬᠦᠷᠦᠭᠰᠡᠨ ᠨᠣᠷᠮ᠎ᠠ 86.4% ᠳᠤ ᠬᠥᠷᠪᠡ᠃ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠠᠭᠠᠷ ᠤᠨ ᠪᠠᠷᠢᠮᠵᠢᠶ᠎ᠠ ᠳᠤ ᠬᠦᠷᠦᠭᠰᠡᠨ ᠵᠢᠭᠠᠯᠲᠠ ᠲᠤᠭ᠎ᠠ ᠬᠤᠲᠠ ᠶᠢᠨ ᠲᠠᠪᠤᠨ ᠲᠣᠭᠤᠷᠢᠭ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠲᠤ ᠵᠢᠭᠰᠠᠭᠠᠭᠳᠠᠪᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠳᠠᠬᠢᠯᠲᠠ ᠤᠰᠤᠨ ᠤ ᠬᠤᠭᠤᠯᠠᠶ ᠶᠢᠨ ᠲᠣᠤᠷ ᠢ 6 ᠺᠢᠯᠤᠮᠧᠲᠷ ᠪᠥᠲᠥᠭᠡᠨ ᠪᠠᠶᠢᠭᠤᠯᠵᠤ᠂ ᠤᠰᠤ ᠵᠠᠯᠠᠬᠤ ᠬᠤᠶᠠᠳᠠᠬᠢ ᠰᠦᠯᠵᠢᠶᠡᠨ ᠤ ᠬᠠᠶᠢᠨ ᠬᠡᠮᠵᠢᠯᠲᠡ ᠶᠢ 232 ᠺᠢᠯᠤᠮᠧᠲᠷ ᠪᠡᠶᠡᠯᠡᠭᠦᠯᠪᠡ᠃ ᠪᠦᠬᠦ ᠲᠤᠭᠤᠷᠢᠭ ᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠶᠢ 90% ᠠᠴᠠ ᠳᠡᠭᠡᠭᠰᠢ ᠬᠦᠷᠭᠡᠪᠡ᠃ ᠶᠢᠨ ᠵᠢᠶᠠᠩ ᠭᠸᠤ  ᠠᠮᠢ ᠠᠬᠤᠶ ᠶᠢᠨ ᠴᠡᠪᠡᠷ ᠵᠢᠵᠢᠭ ᠰᠠᠪᠠ ᠭᠠᠵᠠᠷ ᠤᠨ ᠤᠰᠤᠨ ᠠᠰᠢᠭᠯᠠᠯᠲᠠ ᠶᠢᠨ ᠤᠰᠤ ᠬᠠᠮᠠᠭᠠᠯᠠᠬᠤ ᠲᠥᠷᠥᠯ ᠵᠦᠢᠯ ᠢ ᠬᠡᠷᠡᠭᠵᠢᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠲᠠᠯᠠᠪᠠᠶ ᠨᠢ 2000 ᠾᠧᠺᠲ᠋ᠠᠷ ᠲᠤ ᠬᠦᠷᠪᠡ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠣᠶᠢᠵᠢᠭᠤᠯᠤᠭᠰᠠᠨ ᠲᠠᠯᠠᠪᠠᠢ ᠶᠢ2000 ᠮᠦ ᠪᠡᠶᠡᠯᠡᠭᠦᠯᠵᠦ᠂ 15 ᠲᠦᠮᠡᠨ ᠰᠠᠭᠤᠷᠢ ᠴᠢᠬᠢ ᠮᠣᠳᠣ ᠲᠠᠷᠢᠪᠠ᠃ ᠪᠣᠬᠢᠷᠲᠤᠯ ᠥᠬᠡᠢ ᠬᠡᠷᠡᠭᠯᠡᠭᠡ ᠶᠢ ᠢᠳᠡᠪᠬᠢᠲᠡᠢ ᠬᠥᠲᠥᠯᠦᠨ ᠵᠢᠯᠣᠭᠤᠳᠴᠤ ᠪᠡᠭᠡᠵᠢᠩ ᠬᠤᠸᠠ ᠯᠢᠶᠠᠨ ᠪᠤᠭᠤᠲᠤ ᠶᠢᠨ ᠬᠤᠳᠠᠯᠳᠤᠭᠠᠨ ᠤ ᠲᠥᠪ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠢ ᠬᠤᠳᠠᠯᠳᠤᠭᠠᠨ ᠤ ᠲᠠᠯᠠᠪᠠᠢ ᠪᠠᠷ ᠦᠨᠡᠯᠡᠭᠳᠡᠪᠡ᠃      ︵ᠲᠦᠷᠪᠡ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ      ᠨᠢᠭᠡ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠲᠤ ᠰᠦᠯᠵᠢᠪᠡ᠃ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ ᠨᠡᠶᠢᠲᠡ 20.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9% ᠨᠡᠮᠡᠭᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ ᠢᠶᠠᠷ ᠲᠣᠭᠲᠠᠭᠠᠭᠰᠠᠨ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ︽ᠭᠦᠢᠴᠡᠳ ᠠᠵᠢᠯ ᠣᠯᠭᠤᠬᠤ︾ ᠶᠢ ᠲᠣᠭᠲᠠᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ︽ᠲᠡᠷᠢᠭᠦᠨ ᠴᠢᠬᠤᠯᠠ ᠶᠠᠪᠤᠳᠠᠯ︾ ᠢ ᠰᠠᠶᠢᠲᠤᠷ  ᠬᠢᠪᠡ᠃ ᠪᠥᠬᠦ ᠲᠤᠭᠤᠷᠢᠭ ᠤᠨ ᠬᠤᠲᠠ ᠪᠠᠯᠭᠠᠰᠤᠨ ᠤ 1.2 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ 3916 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 6780 ᠲᠦᠮᠡᠨ ᠲᠥᠭᠦᠷᠢᠭ ᠲᠠᠯᠪᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠲᠣᠭᠲᠠᠭᠤᠨ ᠢᠶᠠᠷ ᠬᠢᠵᠠᠭᠠᠷᠯᠠᠪᠠ᠃ ᠦᠨᠳᠦᠰᠦᠨ ᠨᠠᠰᠤᠵᠢᠯ ᠤᠨ ᠠᠰᠠᠷᠠᠮᠵᠢ ᠪᠠ ᠡᠮ ᠡᠮᠨᠡᠯᠭᠡ ᠶᠢᠨ ᠳᠠᠭᠠᠳᠬᠠᠯ ᠳᠤ 2.2 ᠲᠦᠮᠡᠨ ᠬᠥᠮᠦᠨ ᠰᠢᠨ᠎ᠡ ᠪᠠᠷ ᠨᠡᠮᠡᠭᠳᠡᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ 882 ᠲᠥᠭᠦᠷᠢᠭ ᠪᠣᠯᠭᠠᠨ ᠳᠡᠭᠡᠭᠰᠢᠯᠡᠭᠦᠯᠪᠡ᠃ ︽ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠣᠳᠠᠲᠠᠢ ᠠᠳᠬᠤᠵᠤ ᠠᠮᠵᠢᠯᠲᠠ ᠪᠦᠲᠦᠭᠡᠬᠦ︾ ᠬᠦᠴᠢᠷ ᠠᠰᠠᠭᠤᠳᠠᠯ ᠢ ᠰᠢᠢᠳᠪᠦᠷᠢᠯᠡᠵᠦ ᠪᠣᠳᠠᠲᠠᠢ ᠶᠠᠪᠤᠳᠠᠯ ᠬᠢᠬᠦ ᠠᠵᠢᠯᠯᠠᠭ᠎ᠠ ᠶᠢ ᠭᠦᠨᠵᠡᠭᠡᠢ ᠠᠬᠢᠭᠤᠯᠪᠠ᠃ 122 ᠥᠮᠴᠢᠯᠡᠬᠦ ᠡᠷᠬᠡ ᠶᠢᠨ ᠦᠯᠡᠳᠡᠭᠳᠡᠯ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠵᠦ᠂ 5 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ 20 ᠱᠢᠬᠠᠮ ᠵᠢᠯ ᠤᠨ ᠰᠢᠨ ᠹᠦ᠋ ᠳ᠋ᠢ ᠲᠥᠷᠥᠯ ᠵᠦᠢᠯ ᠤᠨ ᠬᠤᠳᠠᠯᠳᠤᠭᠠᠨ ᠤ ᠠᠰᠠᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠠᠭᠤᠰᠴᠤ ᠭᠡᠷ ᠪᠠᠶᠢᠰᠢᠩ ᠲᠤᠰᠢᠶᠠᠵᠦ᠂ ᠠᠵᠢᠯ ᠵᠣᠭᠰᠣᠭᠰᠠᠨ ᠪᠤᠤ ᠰᠢᠨ ᠠᠭᠤᠳᠠᠮ ᠲᠠᠯᠠᠪᠠᠢ ᠶᠢ ᠳᠠᠬᠢᠨ ᠪᠠᠢᠭᠤᠯᠵᠤ᠂ ᠹᠦ᠋ ᠯᠢ ᠰᠢ ᠶᠤᠸᠠᠢ ᠵᠢᠦᠢ᠂ ᠴᠢᠩᠱᠠᠨ ᠹᠧᠩ ᠵᠢᠩ ᠠᠰᠠᠷ ᠲᠤᠰᠢᠶᠠᠬᠤ ᠲᠥᠷᠥᠯ ᠵᠦᠢᠯ ᠢ ᠬᠤᠭᠤᠴᠠᠭ᠎ᠠ ᠶᠣᠰᠣᠭᠠᠷ ᠲᠤᠰᠢᠶᠠᠪᠠ᠃ ᠳᠤᠯᠠᠭᠠᠨ ᠨᠡᠢᠭᠡᠮ ᠲᠣᠭᠤᠷᠢᠭ ᠨᠢ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠢᠴᠤᠳ ᠤᠨ ᠨᠥᠬᠦᠷᠰᠡᠭ ᠬᠡᠯᠪᠡᠷᠢ ᠶᠢᠨ ᠨᠡᠢᠭᠡᠮ ᠲᠣᠭᠤᠷᠢᠭ ᠢᠶᠠᠷ ᠲᠤᠭᠲᠠᠭᠠᠭᠳᠠᠵᠠᠢ᠃ ᠾᠦᠢ ᠳ᠋ᠧ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠲᠥᠷᠥᠯ ᠵᠦᠢᠯ ᠨᠢ ᠤᠯᠤᠰ ᠤᠨ ᠳᠡᠰ ᠤᠨ ᠦᠢᠯᠡᠴᠢᠯᠡᠭᠡᠨ ᠤ ᠦᠢᠯᠡᠰ ᠤᠨ ᠪᠠᠷᠢᠮᠵᠢᠶᠠᠯᠲᠠ ᠶᠢᠨ ᠲᠤᠷᠰᠢᠯᠲᠠ ᠶᠢᠨ ᠴᠡᠭ ᠢᠶᠠᠷ ᠦᠨᠡᠯᠡᠭᠳᠡᠪᠡ᠃ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠩᠬᠢᠨᠢ ᠪᠠᠷ ᠡᠵᠡᠩᠨᠡᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠬᠠᠷᠰᠢ ᠰᠠᠭᠠᠳ ᠦᠭᠡᠢ ᠠᠵᠢᠯ ᠤᠨ ᠠᠬᠤᠢ ᠲᠠᠯᠠᠪᠠᠢ ᠶᠢᠨ ᠬᠤᠷᠠᠯ ᠢ ᠳᠠᠭᠠᠭᠠᠨ ᠡᠷᠬᠢᠯᠡᠪᠡ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠴᠡᠭ ᠢ ᠪᠣᠶ ᠪᠣᠯᠭᠠᠪᠠ᠃      ᠬᠤᠶᠠᠷ ᠲᠤ᠂ ᠠᠷᠠᠳ ᠲᠦᠮᠡᠨ ᠳᠤ ᠦᠢᠯᠡᠴᠢᠯᠡᠬᠦ ᠬᠠᠷᠢᠭᠤᠴᠠᠯᠭ᠎ᠠ ᠶᠢ ᠰᠠᠶᠢᠲᠤᠷ ᠬᠢᠪᠡ᠃ ︽ᠰᠢᠯᠢᠳᠡᠭ ᠰᠤᠷᠤᠬᠤᠢ ᠴᠢᠩᠱᠠᠨ ᠳᠤ ᠪᠣᠶ︾ ᠭᠡᠬᠦ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠭᠡᠷᠡᠯᠲᠦᠭᠦᠯᠵᠦ᠂ ᠬᠡᠷ ᠪᠦᠯᠢ ᠪᠠ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠵᠢᠭᠦᠯᠬᠦ ᠶᠢ ᠠᠬᠢᠭᠤᠯᠤᠨ᠂ ᠪᠥᠬᠦ ᠤᠯᠤᠰ ᠤᠨ ᠠᠩᠬᠠᠳᠠᠭᠴᠢ ᠭᠡᠷ ᠪᠦᠯᠢ ᠪᠠ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠵᠢᠭᠦᠯᠬᠦ ᠰᠤᠳᠤᠯᠭᠠᠨ ᠪᠠ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠪᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠭᠰᠠᠨ ︽ᠬᠥᠳᠡᠯᠦᠩᠭᠦᠶ ᠪᠠᠷ ᠦᠭᠡᠢ ᠪᠣᠯᠭᠠᠬᠤ︾ ᠦᠷ᠎ᠡ ᠪᠦᠲᠦᠭᠡᠯ ᠢ ᠪᠠᠬᠢᠵᠢᠭᠦᠯᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 106.9% ᠳᠤ ᠬᠥᠷᠪᠡ᠃ 200 ᠰᠢᠯᠢᠳᠡᠭ ᠪᠠᠭᠰᠢ ᠡᠯᠰᠡᠵᠦ᠂ ︽ᠬᠤᠶᠠᠷ ᠢ ᠳᠡᠭᠡᠭᠰᠢᠯᠡᠭᠦᠯᠬᠦ᠂ ᠳᠥᠷᠪᠡᠨ ᠰᠢᠨ᠎ᠡ ᠪᠠᠷ ᠪᠠᠶᠢᠭᠤᠯᠬᠤ︾ ᠵᠡᠭᠦᠨ ᠬᠡᠰᠡᠭ ᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠴᠢᠩᠱᠠᠨ ᠨᠢᠭᠡᠳᠦᠭᠡᠷ ᠳᠤᠮᠳᠠᠳᠤ ᠰᠤᠷᠭᠠᠭᠤᠯᠢ ︵ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ︶ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠪᠠ᠃ ᠳᠤᠮᠳᠠ ᠵᠡᠷᠭᠡ ᠶᠢᠨ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠳᠠᠬᠢᠨᠲᠠ ᠰᠢᠯᠢᠳᠡᠭ ᠬᠢᠷᠢ ᠪᠦᠲᠦᠮᠵᠢ ᠣᠯᠪᠠ᠃ ᠵᠤᠯ ᠵᠢᠷᠭᠠᠯᠲᠦ ᠡᠮᠦᠨᠡᠲᠦ ᠵᠠᠮ ᠤᠨ ᠪᠠᠭ᠎ᠠ ᠰᠤᠷᠭᠠᠭᠤᠯᠢ ᠰᠤᠷᠭᠠᠨ ᠬᠥᠮᠦᠵᠢᠯ ᠤᠨ ᠬᠤᠯᠪᠣᠭᠠᠨ ᠤ ᠨᠢᠭᠡᠳᠦᠭᠡᠷ ᠪᠠᠭ᠎ᠠ ᠰᠤᠷᠭᠠᠭᠤᠯᠢ ᠪᠦᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠷ ᠦᠨᠡᠯᠡᠭᠳᠡᠪᠡ᠃ ᠸᠠᠩ ᠸᠧᠨ ᠱᠠᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠪᠦᠬᠦ ᠤᠯᠤᠰ ᠤᠨ ᠬᠠᠮᠤᠭ ᠤᠨ ᠭᠤᠶᠣ  ᠪᠠᠭᠰᠢ ᠶᠢᠨ ᠢᠷᠠᠭᠤ ᠠᠯᠳᠠᠷ ᠢ ᠬᠦᠷᠲᠡᠪᠡ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠪᠠ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠵᠤ᠂ ᠴᠢᠩᠱᠠᠨ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠰᠠᠭᠤᠬᠤ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ  ᠤᠷᠤᠭᠤᠯᠪᠠ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠲᠡᠩᠴᠡᠭᠦᠷᠢᠰᠢᠯ ᠢ ᠪᠦᠲᠦᠮᠵᠢᠲᠡᠶ ᠨᠠᠶᠢᠳᠠᠪᠤᠷᠢᠵᠢᠭᠤᠯᠵᠤ᠂ 49.8 ᠲᠦᠮᠡᠨ ᠬᠤᠪᠢ ᠡᠯᠧᠺᠲᠷᠤᠨ ᠳᠠᠩᠰᠠ ᠡᠪᠬᠡᠮᠡᠯ ᠪᠠᠶᠢᠭᠤᠯᠵᠤ᠂ ᠳᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 92.7% ᠳᠤ ᠬᠦᠷᠴᠦ᠂ ᠭᠡᠷ ᠪᠦᠯᠢ ᠶᠢᠨ ᠡᠮᠴᠢ ᠶᠢᠨ ᠭᠡᠷ᠎ᠡ ᠳᠤ ᠭᠠᠷ ᠤᠨ ᠦᠰᠦᠭ ᠵᠢᠷᠤᠬᠤ ᠶᠣᠰᠣᠲᠠᠢ ᠶᠢ ᠨᠢ ᠪᠦᠬᠦᠨ ᠢ ᠵᠢᠷᠤᠭᠤᠯᠵᠠᠢ᠃ ᠡᠮᠨᠡᠯᠭᠡ ᠶᠢᠨ ᠬᠤᠷᠢᠶᠠᠨ ᠤ ᠡᠮᠦᠨᠡᠬᠢ ᠲᠦᠷᠭᠡᠨ ᠠᠪᠤᠷᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠨᠡᠶᠢᠲᠡ ᠶᠢᠨ ᠠᠰᠠᠷᠠᠮᠵᠢ ᠪᠠᠷ AED 600 ᠭᠠᠷᠤᠶ ᠲᠠᠯᠪᠢᠵᠤ᠂ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠰᠲ᠋ᠧᠮ ᠤᠨ ᠲᠡᠷᠢᠭᠦᠨ ᠤ ᠬᠠᠮᠲᠤ ᠪᠠᠷ ᠦᠨᠡᠯᠡᠭᠳᠡᠪᠡ᠃ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠵᠤ᠂ ᠪᠥᠬᠦ ᠤᠯᠤᠰ ᠤᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠥᠲᠥᠭᠡᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠴᠤᠭᠯᠠᠭᠠᠨ ᠢ ᠲᠡᠭᠦᠰ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠣᠭ ᠪᠦᠲᠦᠭᠡᠯ ᠨᠢ ᠪᠥᠬᠦ ᠤᠯᠤᠰ ᠤᠨ ︽ᠡᠮ ᠡᠮᠨᠡᠯᠭᠡ ᠶᠢᠨ ᠳᠠᠭᠠᠳᠬᠠᠯ ᠤᠨ ᠰᠠᠶᠢᠨ ᠳᠠᠭᠤᠤ︾ ᠶᠢᠨ ᠤᠬᠠᠭᠤᠯᠭ᠎ᠠ ᠶᠢᠨ ᠤᠷᠤᠯᠳᠤᠭᠠᠨ ᠤ ᠪᠥᠬᠦ ᠤᠯᠤᠰ ᠤᠨ ᠰᠢᠶᠠᠨ ᠲᠣᠭᠤᠷᠢᠭ ᠤᠨ ᠲᠠᠰ ᠤᠨ ᠰᠢᠯᠢᠳᠡᠭ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ ᠢ ᠭᠥᠷᠳᠡᠵᠦ᠂ ᠥᠪᠡᠷᠲᠡᠭᠡᠨ ᠵᠠᠰᠠᠬᠤ ᠣᠷᠣᠨ  ᠳᠤ ᠨᠢᠭᠡᠳᠦᠭᠡᠷ ᠲᠤ  ᠵᠢᠭᠰᠠᠭᠠᠭᠳᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠴᠠᠭᠠᠨ ᠰᠠᠷ᠎ᠠ ᠶᠢᠨ ᠦᠨᠳᠦᠰᠦᠲᠡᠨ ᠤ ᠳᠠᠭᠤᠤ ᠬᠥᠭᠵᠢᠮ ᠤᠨ ᠴᠤᠭᠯᠠᠭᠠᠨ᠂ ︽ᠲᠦᠷᠪᠡᠨ ᠤᠯᠠᠷᠢᠯ ᠤᠨ ᠦᠳᠡᠰᠢᠯᠡᠭᠡ︾ ᠵᠡᠷᠭᠡ ᠰᠣᠶᠣᠯ ᠤᠨ ᠠᠵᠢᠯᠯᠠᠭ᠎ᠠ ᠶᠢ 200 ᠭᠠᠷᠤᠢ ᠲᠠᠯᠠᠪᠠᠢ ᠡᠷᠬᠢᠯᠡᠵᠦ᠂ 20 ᠲᠦᠮᠡ ᠭᠠᠷᠤᠢ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠵᠧᠩ ᠰᠢᠶᠠᠩ ᠸᠠᠨ᠂ ᠨᠠᠷᠠᠨ ᠲᠠᠯᠠᠪᠠᠢ᠂ ᠨᠢᠭᠡᠳᠦᠭᠡᠷ ᠠᠵᠢᠯᠴᠢᠨ ᠤ ᠰᠤᠶᠤᠯ ᠤᠨ ᠣᠷᠳᠣᠨ ᠵᠡᠷᠭᠡ ᠭᠠᠵᠠᠷ ᠲᠤ ᠵᠠᠯᠭᠠᠭ᠎ᠠ ᠪᠠᠷ ᠵᠡᠭᠡᠯᠢ ᠭᠤᠳᠤᠮᠵᠢ ᠶᠢᠨ ᠲᠣᠭᠯᠠᠯᠲᠠ ᠶᠢᠨ ᠦᠳᠡᠰᠢᠯᠡᠭᠡ ᠡᠷᠭᠢᠯᠡᠵᠦ᠂ ᠬᠤᠲᠠ ᠶᠢᠨ ᠠᠷᠠᠳ ᠲᠤ ᠳᠠᠭᠤᠤ ᠬᠥᠭᠵᠢᠮ ᠤᠨ ᠦᠪᠡᠳᠡᠭᠰᠢ ᠨᠠᠶᠢᠷ ᠢ ᠰᠣᠨᠢᠷᠬᠠᠭᠤᠯᠪᠠ᠃ ᠲᠤᠭᠤᠷᠢᠭ ᠤᠨ ᠨᠤᠮ ᠤᠨ ᠰᠠᠩ ᠲᠤᠯᠤᠳᠤᠭᠠᠷ ᠤᠳᠠᠭ᠎ᠠ ᠤᠯᠤᠰ ︵ᠰᠢᠶᠠᠨ ᠤ ᠲᠡᠰ︶ ᠤᠨ ᠨᠢᠬᠡᠳᠦᠬᠡᠷ ᠲᠡᠰ ᠤᠨ ᠨᠡᠶᠢᠳᠡ ᠶᠢᠨ ᠨᠤᠮ ᠤᠨ ᠰᠠᠩ ᠢᠶᠠᠷ ᠲᠤᠭᠳᠠᠭᠠᠭᠳᠠᠵᠤ᠂ ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠨᠢ ᠦᠪᠡᠷᠳᠡᠬᠡᠨ ᠵᠠᠰᠠᠬᠤ ᠤᠷᠤᠨ ᠤ ᠦᠨᠳᠦᠰᠦᠨ ᠱᠠᠳᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠠᠵᠢᠯ ᠤᠨ ᠲᠡᠷᠢᠬᠦᠨ ᠤ ᠨᠢᠭᠡᠴᠡ ᠪᠠᠷ ᠦᠨᠡᠯᠡᠭᠳᠡᠵᠤ᠂ ︽ᠴᠡᠷᠢᠭ ᠤᠨ ᠠᠵᠦ ᠦᠢᠯᠡᠳᠪᠤᠷᠢ ᠶᠢᠨ ᠬᠦᠰᠡᠯ ᠵᠡᠬᠦᠳᠤ ᠶᠢ ᠲᠡᠷᠬᠡᠯᠰᠢᠬᠦᠯᠦᠭᠴᠢ︾᠂ ᠲᠠᠭᠤᠤ ︽ᠰᠠᠶᠢᠨ ᠨᠢᠬᠡ ᠰᠢᠨ᠎ᠠ ᠴᠠᠭ ᠦᠶ᠎ᠠ︾ ᠪᠠᠷ ᠦᠪᠡᠷᠳᠡᠬᠡᠨ ᠵᠠᠰᠠᠬᠤ ᠤᠷᠤᠨ ᠤ ᠤᠷᠠᠯᠢᠭ ᠤᠨ ︽ᠰᠠᠷᠠᠨ᠎ᠠ︾ ᠱᠠᠩᠨᠠᠯ ᠤᠨ ᠲᠧᠯᠸᠢᠰ ᠤᠷᠠᠯᠢᠭ ᠤᠨ ᠱᠠᠩᠨᠠᠯ ᠢᠶᠠᠷ ᠦᠨᠡᠯᠡᠭᠳᠡᠵᠤ᠂ ᠪᠢᠴᠢᠯ ᠺᠢᠨᠣ᠋ ︽ᠠᠹᠦ᠋︾ ᠨᠢ ᠲᠤᠯᠤᠨ ᠨᠠᠭᠤᠷ ᠤᠨ ᠲᠤᠰᠠᠭᠠᠷ ᠲᠤᠭᠲᠠᠨᠢᠯ ᠺᠢᠨᠤ᠋ ᠶᠢᠨ ᠨᠠᠶᠢᠷ ᠤᠨ ᠬᠠᠮᠤᠭ ᠤᠨ ᠰᠢᠯᠢᠳᠡᠭ ᠲᠤᠰᠠᠭᠠᠷ ᠤᠬᠤᠷ ᠺᠢᠨᠤ᠋ ᠶᠢᠨ ᠱᠠᠩᠨᠠᠯ ᠬᠦᠷᠳᠡᠪᠡ᠃ ᠪᠢᠴᠢᠯ ᠺᠢᠨᠣ᠋ ︽ᠵᠢᠵᠢᠭ ᠭᠤᠳᠤᠮᠵᠢ ᠶᠢᠨ ᠬᠠᠮᠢᠶᠠᠷᠤᠭᠴᠢ︾ ᠨᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠢᠴᠢᠯ ᠺᠢᠨᠣ᠋ ᠶᠢᠨ ᠤᠷᠤᠯᠳᠤᠭᠠᠨ ᠤ ᠬᠠᠮᠤᠭ ᠤᠨ ᠰᠢᠯᠢᠳᠡᠭ ᠪᠦᠲᠦᠭᠡᠯ᠂ ᠪᠥᠬᠦ ᠤᠯᠤᠰ ᠤᠨ ᠠᠷᠪᠠᠨ ᠰᠢᠯᠢᠳᠡᠭ ᠵᠢᠱᠢᠭᠳᠡᠭᠴᠢ ᠶᠢᠨ ᠪᠦᠲᠦᠭᠡᠯ ᠢ ᠭᠥᠷᠳᠡᠪᠡ᠃ ︽ᠴᠢᠩᠱᠠᠨ ᠲᠣᠭᠤᠷᠢᠭ ᠤᠨ ᠣᠨ ᠤ ᠣᠶᠢᠯᠠᠪᠤᠷᠢ ︵2022︶︾ ᠨᠢ ᠪᠥᠬᠦ ᠤᠯᠤᠰ ᠤᠨ ᠰᠢᠶᠠᠨ ᠤ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠪᠤᠷᠢ ᠶᠢᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠃      ᠭᠤᠷᠪᠠ ᠳᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠪᠠᠲᠤ ᠪᠠᠬᠢ ᠪᠠᠶᠢᠭᠤᠯᠪᠠ᠃ ᠠᠶᠦᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠪᠠ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠳᠠᠯᠳᠠ ᠬᠡᠮ ᠤᠨ ᠠᠰᠠᠭᠤᠳᠠᠯ ᠢ ᠨᠡᠶᠢᠲᠡ 2 ᠲᠦᠮᠡ ᠭᠠᠷᠤᠶ ᠵᠤᠷᠪᠤᠰ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠶᠦᠯᠭᠦᠢ ᠦᠢᠯᠡᠳᠪᠦᠷᠢᠯᠡᠯ ᠤᠨ ᠠᠳᠡᠯ ᠤᠨ ᠬᠤᠤᠰ ᠪᠠᠭᠤᠷᠠᠯᠲᠠ ᠶᠢ ᠪᠡᠶᠡᠯᠡᠭᠦᠯᠵᠦ᠂ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠪᠠ᠃ ᠪᠥᠬᠦ ᠣᠷᠣᠨ ᠪᠦᠰᠡ ᠶᠢᠨ ᠰᠦᠯᠵᠢᠶᠡᠨ ᠤ ᠣᠯᠠᠨ ᠡᠰᠢᠵᠢᠭᠰᠡᠨ ᠵᠠᠰᠠᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠤ ᠲᠥᠷᠥᠯ ᠵᠦᠢᠯ ᠪᠠ ᠤᠮᠠᠷᠠᠲᠤ ᠬᠢᠯᠢ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ 3 ᠭᠤᠶᠤᠴᠢᠯᠠᠨ ᠮᠡᠳᠡᠭᠦᠯᠪᠡ᠃ ᠪᠦᠬᠦ ᠬᠤᠲᠠ ᠳᠤ ᠨᠡᠶᠢᠭᠡᠮ ᠲᠣᠭᠤᠷᠢᠭ ᠤᠨ ᠵᠠᠰᠠᠯᠲᠠ ᠶᠢᠨ ᠳᠡᠭᠡᠳᠦ ᠰᠤᠷᠭᠠᠭᠤᠯᠢ ᠶᠢ ᠤᠷᠢᠳᠠᠪᠠᠷ ᠡᠭᠦᠳᠦᠨ ᠪᠠᠶᠢᠭᠤᠯᠪᠠ᠃ 115 ᠨᠡᠶᠢᠭᠡᠮ ᠲᠣᠭᠤᠷᠢᠭ ᠤᠨ ᠠᠵᠢᠯᠲᠠᠨ ᠳᠤ ᠰᠢᠯᠭᠠᠨ ᠦᠨᠡᠯᠡᠵᠦ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠡᠶᠡᠯᠡᠭᠦᠯᠵᠦ᠂ ᠨᠡᠶᠢᠭᠡᠮ ᠤᠨ ᠠᠵᠢᠯ ᠤᠨ ᠬᠥᠭᠵᠢᠯᠲᠡ ᠶᠢᠨ ︽ᠳᠡᠭᠡᠪᠦᠷ︾ ᠢ ᠡᠪᠳᠡᠪᠡ᠃ ᠵᠢᠷᠭᠤᠭᠠᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠤᠷᠤᠯᠳᠤᠭᠠᠨ ᠢ ᠦᠷᠭᠦᠯᠵᠢᠯᠡᠨ ᠡᠷᠬᠢᠯᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠯᠸᠢ ᠹᠧᠩ ᠳᠦᠷᠢᠶᠡᠰᠦᠨ ᠲᠡᠷᠭᠡᠨ ᠤ ᠠᠩᠭᠢ ᠶᠢᠨ ᠨᠠᠮ ᠤᠨ ᠶᠡᠷᠦᠩᠬᠡᠶ ᠡᠭᠦᠷ ᠠᠴᠠ ︽ᠤᠮᠠᠷᠠᠲᠤ ᠬᠢᠯᠢ ᠶᠢᠨ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠭᠥᠷᠳᠡᠵᠦ᠂ ᠲᠡᠷᠢᠭᠦᠨ ᠤ ᠦᠢᠯᠡ ᠠᠵᠢᠯᠯᠠᠭ᠎ᠠ ᠶᠢ 12 ᠠᠶᠢᠮᠠᠭ ᠬᠤᠲᠠ ᠳᠤ ᠲᠣᠭᠤᠷᠢᠨ ᠤᠬᠠᠭᠤᠯᠤᠨ ᠲᠠᠶᠢᠯᠪᠤᠷᠢᠯᠠᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠢᠶ᠎ᠠ ᠪᠥᠬᠦᠶ ᠲᠤᠷᠰᠢᠯᠭ᠎ᠠ ᠬᠢᠳᠡᠯ ᠨᠢ ᠲᠥᠪ ᠤᠨ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠬᠡᠷ᠂ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠲᠤᠰᠬᠠᠶ ᠠᠵᠢᠯ ᠤᠨ ᠨᠡᠶᠢᠲᠡᠯᠢᠭ ᠲᠤᠷᠰᠢᠯᠭ᠎ᠠ ᠳᠤ ᠰᠣᠩᠭᠤᠭᠳᠠᠨ ᠣᠷᠣᠵᠤ᠂ ᠨᠢᠭᠡ ᠪᠦᠯᠦᠭ ᠭᠤᠤᠯᠳᠠᠯᠭ᠎ᠠ ᠲᠠᠢ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠲᠦᠮᠵᠢᠲᠡᠶ ᠠᠬᠢᠭᠤᠯᠤᠨ ᠰᠢᠢᠳᠪᠦᠷᠢᠯᠡᠪᠡ᠃ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ  ᠳᠤ ᠴᠠᠯᠢᠩ ᠦᠷᠢᠲᠦᠭᠰᠡᠨ ᠢ ᠦᠨᠳᠦᠰᠦᠨ ᠠᠴᠠ ᠨᠢ ᠵᠠᠰᠠᠭᠰᠠᠨ ᠲᠡᠷᠢᠭᠦᠨ ᠤ ᠬᠠᠮᠲᠤ ᠪᠠᠷ ᠦᠨᠡᠯᠡᠭᠳᠡᠪᠡ᠃ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ 206 ᠨᠡᠷᠡᠰ ᠺᠠᠳ᠋ᠷ 7764 ᠡᠷᠦᠬᠡ ᠳᠠᠭᠠᠭᠠᠴᠢᠯᠠᠭᠰᠠᠨ ᠢᠳᠡᠭᠡᠨ ᠤ ᠬᠤᠳᠠᠯᠳᠤᠭᠠᠨ ᠤ ᠡᠷᠦᠬᠡ ᠶᠢᠨ ᠣᠨ ᠤ ᠬᠢᠨᠠᠨ ᠵᠢᠯᠣᠭᠤᠳᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠥᠬᠦ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠡᠭᠦᠦ ᠶᠢᠨ ᠬᠡᠷᠡᠭ ᠤᠨ ᠴᠠᠭᠳᠠᠭᠠᠨ ᠤ ᠪᠠᠶᠢᠳᠠᠯ 54.2% ᠢᠶᠠᠷ ᠪᠠᠭᠤᠷᠠᠵᠤ᠂ ᠠᠮᠤᠷ ᠢ ᠬᠠᠮᠠᠭᠠᠯᠠᠬᠤ ᠴᠠᠭᠳᠠᠭᠠᠨ ᠤ ᠪᠠᠶᠢᠳᠠᠯ 43.6% ᠪᠠᠷ ᠪᠠᠭᠤᠷᠠᠪᠠ᠃ 1000 ᠭᠠᠷᠤᠶ ᠲᠦᠮᠡᠨ ᠲᠥᠭᠦᠷᠢᠭ ᠤᠨ ᠬᠡᠷᠡᠭ ᠲᠤ ᠬᠤᠯᠪᠣᠭᠳᠠᠭᠰᠠᠨ ︽2.01︾ ᠰᠢᠷᠢᠰ ᠡᠯᠧᠺᠲᠷᠤᠨ ᠬᠠᠷ᠎ᠠ ᠲᠠᠮᠠᠬᠢ ᠶᠢ ᠬᠠᠤᠯᠢ ᠪᠤᠰᠤ ᠪᠠᠷ ᠡᠵᠡᠩᠨᠡᠭᠰᠡᠨ ᠬᠡᠷᠡᠭ ᠢ ᠠᠮᠵᠢᠯᠲᠠᠲᠠᠶ ᠢᠯᠡᠷᠡᠭᠦᠯᠵᠦ᠂ ᠲᠤᠭᠤᠷᠢᠭ ᠤᠨ ᠪᠠᠶᠢᠳᠠᠯ ᠤᠨ ᠵᠢᠯᠣᠭᠤᠳᠬᠤ ᠲᠥᠪ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 110 ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠬᠠᠮᠲᠤ ᠨᠡᠶᠢᠲᠡ ᠪᠠᠷ ᠦᠨᠡᠯᠡᠭᠳᠡᠪᠡ᠃ ᠲᠣᠭᠤᠷᠢᠭ ᠤᠨ ᠡᠮᠡᠭᠲᠡᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠡᠮᠡᠭᠲᠡᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢᠨ ᠲᠡᠷᠢᠭᠦᠨ ᠤ ᠬᠠᠮᠲᠤ ᠪᠠᠷ ᠦᠨᠡᠯᠡᠭᠳᠡᠪᠡ᠃      ︵ᠲᠠᠪᠤ︶ ᠲᠤᠰ ᠪᠡᠶ᠎ᠡ ᠶᠢᠨ ᠪᠠᠶᠢᠭᠤᠯᠤᠯᠲᠠ ᠴᠢᠳᠠᠪᠤᠷᠢ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠡᠩᠨᠡᠭᠡ ᠰᠢᠨ᠎ᠡ ᠳᠦᠷᠰᠦ ᠪᠠᠶᠢᠳᠠᠯ ᠲᠠᠢ ᠪᠣᠯᠪᠠ      ᠨᠢᠭᠡ ᠳᠤ᠂ ᠨᠠᠮ ᠢᠶᠠᠨ ᠬᠦᠷᠢᠶᠡᠯᠡᠨ ᠨᠠᠮ ᠳᠠᠭᠠᠨ ᠦᠨᠡᠨᠴᠢ ᠰᠢᠳᠤᠷᠭᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠪᠠ᠃ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢ ᠪᠠᠷᠢᠮᠲᠠᠯᠠᠵᠤ᠂ ︽ᠲᠠᠪᠤ ᠶᠢ ᠠᠭᠤᠰᠤᠯᠴᠠᠭᠤᠯᠵᠤ ᠲᠠᠪᠤ ᠶᠢ ᠬᠠᠮᠲᠤ ᠪᠠᠷ ᠡᠳ᠋ᠯᠡᠬᠦ︾ ᠦᠨᠳᠦᠰᠦᠲᠡᠨ ᠤ ᠠᠵᠢᠯ ᠤᠨ ᠰᠢᠨ᠎ᠡ ᠵᠠᠭᠪᠤᠷ ᠢ ᠰᠦᠪᠡᠭᠴᠢᠯᠡᠨ ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠪᠦᠯᠦᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠢᠷᠠᠭᠤ ᠠᠯᠳᠠᠷ ᠢ ᠭᠥᠷᠳᠡᠭᠰᠡᠨ ᠬᠤᠲᠠ ᠶᠢᠨ ᠬᠠᠷᠢᠶᠠᠲᠤ ᠣᠷᠣᠨ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠢᠭᠡᠳᠦᠭᠡᠷ ᠵᠥᠪᠯᠡᠬᠦ ᠵᠦᠢᠯ ᠤᠨ ᠳᠦᠷᠢᠮ ᠢ ᠡᠷᠡᠰ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠪᠠ᠃ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠠᠩ ᠣᠨᠣᠪᠴᠢᠲᠠᠶ ᠪᠥᠭᠡᠳ ᠪᠣᠳᠠᠲᠠᠶ ᠪᠠᠷ ᠭᠦᠢᠴᠡᠳᠭᠡᠬᠦ ᠶᠢ ᠠᠬᠢᠭᠤᠯᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠨᠡᠶᠢᠲᠡ 26507 ᠰᠢᠢᠳᠪᠦᠷᠢᠯᠡᠵᠦ᠂ ᠬᠤᠲᠠ ᠶᠢᠨ ᠲᠠᠪᠤᠨ ᠲᠣᠭᠤᠷᠢᠭ ᠤᠨ ᠨᠢᠭᠡᠳᠦᠭᠡᠷ ᠲᠤ ᠵᠢᠭᠰᠠᠭᠠᠭᠳᠠᠪᠠ᠃      ᠬᠤᠶᠠᠷ ᠲᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠢᠯᠢᠳᠡᠭ ᠬᠡᠪ ᠳᠠᠭᠤᠷᠢᠶᠠᠯ ᠢ ᠡᠭᠦᠳᠦᠨ ᠪᠠᠶᠢᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠪᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠳᠦᠷᠢᠮ ᠪᠠ ᠵᠠᠰᠠᠭ ᠤᠨ ᠣᠷᠳᠣᠨ ᠤ ᠠᠵᠢᠯ ᠤᠨ ᠳᠦᠷᠢᠮ ᠳᠤ ᠳᠠᠬᠢᠵᠤ ᠵᠠᠰᠠᠪᠤᠷᠢ ᠤᠷᠤᠭᠤᠯᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠰᠢᠭᠦᠬᠦ ᠬᠤᠷᠢᠶ᠎ᠠ ᠬᠠᠮᠲᠤᠷᠠᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠰᠢᠯᠭᠠᠨ ᠠᠪᠬᠤ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ 68 ᠬᠤᠪᠢ ᠭᠥᠯᠢᠶᠡᠨ ᠠᠪᠴᠤ᠂ ᠳᠠᠬᠢᠨ ᠵᠥᠪᠯᠡᠭᠰᠡᠨ ᠤ ᠳᠠᠷᠠᠭᠠᠬᠢ ᠵᠠᠷᠭᠤ ᠶᠢᠨ ᠢᠯᠠᠬᠤ ᠨᠣᠷᠮ᠎ᠠ ᠶᠢ 100% ᠳᠤ ᠬᠦᠷᠭᠡᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠠᠬᠢᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠤ ᠠᠵᠤ ᠠᠬᠤᠢᠯᠠᠯ ᠤᠨ ᠦᠢᠯᠡᠴᠢᠯᠡᠭᠡᠨ ᠤ ᠲᠥᠪ ᠢ ᠫᠠᠶᠢᠰᠠ ᠡᠯᠭᠦᠨ ᠠᠵᠢᠯᠯᠠᠭᠤᠯᠪᠠ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 289 ᠬᠤᠪᠢ ᠴᠢᠨᠠᠷ ᠰᠠᠶᠢᠲᠠᠢ ᠭᠦᠢᠴᠡᠳᠬᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠪᠠ ᠬᠠᠨᠤᠮᠵᠢᠲᠠᠢ ᠪᠠᠶᠢᠬᠤ ᠨᠤᠷᠮ᠎ᠠ 100% ᠳᠤ ᠬᠦᠷᠴᠦ᠂ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠣᠯᠭᠠᠪᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠪᠥᠬᠦ ᠬᠤᠲᠠ ᠳᠤ ᠨᠢᠭᠡᠳᠦᠭᠡᠷ ᠲᠤ ᠣᠷᠣᠪᠠ᠃ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠥᠬᠦ ᠤᠯᠤᠰ ᠤᠨ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠭᠰᠠᠨ ᠲᠡᠷᠢᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠶᠡᠳᠡᠭᠦᠯᠬᠦ ᠠᠵᠢᠯ ᠤᠨ ᠬᠡᠷᠡᠭ  ᠢ ᠤᠷᠤᠭᠤᠯᠬᠤ ᠲᠡᠷᠢᠭᠦᠨ ᠤ ᠲᠣᠭᠤᠷᠢᠭ᠂ ᠲᠤᠭᠤᠷᠢᠭ ᠤᠨ ᠵᠠᠰᠠᠭ ᠤᠨ ᠣᠷᠳᠣᠨ ᠨᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠳᠤ ᠰᠢᠯᠢᠳᠡᠭ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠪᠠᠷ ᠦᠨᠡᠯᠡᠭᠳᠡᠪᠡ᠃      ᠭᠤᠷᠪᠠ ᠳᠤ᠂ ᠡᠷᠬᠡ ᠪᠠᠨ ᠭᠤᠣᠯᠴᠢ ᠪᠠᠷ ᠬᠡᠷᠡᠭᠯᠡᠬᠦ ᠠᠷᠢᠭᠤᠨ ᠴᠢᠬᠡᠴᠢ ᠪᠠᠷ ᠵᠠᠰᠠᠭ ᠪᠠᠷᠢᠬᠤ ᠦᠯᠢᠭᠡᠷ ᠳᠠᠭᠤᠷᠢᠶᠠᠯ ᠢ ᠪᠤᠢ ᠪᠤᠯᠭᠠᠪᠠ᠃ ᠰᠤᠷᠲᠠᠯ ᠤᠨ ᠪᠠᠶᠢᠭᠤᠯᠤᠯᠲᠠ ᠶᠢ ᠪᠠᠶᠢᠩᠭᠤ ᠵᠠᠰᠠᠵᠤ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠪᠠ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠲᠦᠯᠬᠢᠨ ᠠᠬᠢᠭᠤᠯᠵᠤ᠂ ᠲᠥᠪ ᠤᠨ  ᠨᠠᠢᠮᠠᠨ ᠲᠣᠭᠲᠠᠭᠠᠯ ᠵᠢᠴᠢ ᠲᠡᠭᠦᠨ  ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠰᠢᠨᠲᠠᠷᠠᠰᠢ ᠦᠭᠡᠶ ᠪᠠᠷᠢᠮᠲᠠᠯᠠᠨ᠂ ︽ᠨᠢᠭᠡᠳᠦᠭᠡᠷ ᠬᠠᠷᠢᠭᠤᠴᠠᠯᠭᠠᠲᠠᠨ︾  ᠤ ᠰᠡᠷᠡᠮᠵᠢᠯᠡᠭᠦᠯᠬᠦ ᠬᠥᠮᠦᠵᠢᠯ ᠢ  ᠴᠢᠩᠭᠠᠷᠠᠭᠤᠯᠪᠠ᠃ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠ ︽ᠤᠳᠠᠭᠠᠨ᠂ ᠪᠦᠳᠦᠭᠦᠯᠢᠭ᠂ ᠬᠠᠭᠤᠷᠮᠠᠭ︾ ᠪᠠᠶᠢᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠨᠡᠶᠢᠲᠡ 1613 ᠠᠰᠠᠭᠤᠳᠠᠯ ᠢ ᠴᠡᠭᠴᠡᠯᠡᠨ ᠵᠠᠰᠠᠪᠠ᠃ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠶᠢ ᠰᠠᠬᠢᠯᠭ᠎ᠠ ᠪᠠᠲᠤ ᠶᠢᠨ ᠪᠠᠶᠢᠩᠭᠤᠵᠢᠭᠤᠯᠤᠯᠲᠠ ᠶᠢᠨ ᠱᠠᠭᠠᠷᠳᠠᠯᠭ᠎ᠠ ᠪᠣᠯᠭᠠᠵᠤ᠂ ᠡᠳ᠋ ᠤᠨ ᠵᠠᠰᠠᠭ ᠤᠨ ᠠᠯᠪᠠᠨ ᠶᠠᠪᠤᠳᠠᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠨᠡᠶᠢᠲᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠢᠨᠠᠨ ᠪᠤᠳᠤᠬᠤ ᠬᠢᠨᠠᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠳᠤᠯᠭᠠᠨ ᠤ ᠬᠡᠯᠪᠡᠷᠢ ᠶᠢᠨ ᠬᠢᠨᠠᠨ ᠪᠤᠳᠤᠯᠲᠠ ᠶᠢᠨ ᠰᠢᠨ᠎ᠡ ᠶᠢ ᠡᠭᠦᠳᠦᠨ ᠥᠷᠨᠢᠭᠦᠯᠵᠦ᠂ 14 ᠬᠢᠨᠠᠨ ᠪᠤᠳᠤᠬᠤ ᠲᠥᠷᠥᠯ ᠵᠦᠢᠯ ᠢ ᠬᠡᠷᠡᠭᠵᠢᠭᠦᠯᠪᠡ᠃ ︽ᠭᠤᠷᠪᠠ ᠶᠢ ᠲᠡᠮᠡᠴᠡᠨ ᠤᠯᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠭᠡᠳᠦ ᠱᠠᠲᠤᠨ ᠤ ᠪᠠᠯᠠ ᠮᠥᠩᠭᠦ ᠶᠢ ᠨᠡᠶᠢᠲᠡ 15 ᠳ᠋ᠦᠩᠰᠢᠭᠤᠷ ᠲᠥᠭᠦᠷᠢᠭ ᠤᠯᠵᠦ᠂ 57 ᠲᠤᠷᠰᠢᠯᠲᠠ ᠶᠢᠨ ᠴᠡᠭ  ᠵᠢᠱᠢᠶ᠎ᠡ ᠦᠵᠡᠭᠦᠯᠪᠡ᠃ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ 10 ᠬᠥᠮᠦᠨ ᠳᠤ ᠢᠷᠠᠭᠤ ᠠᠯᠳᠠᠷ ᠤᠨ ᠬᠤᠲᠠ ᠶᠢᠨ ᠠᠷᠠᠳ ᠤᠨ ᠴᠣᠯᠠ ᠣᠯᠭᠤᠪᠠ᠃      ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠴᠢᠩᠱᠠᠨ ᠲᠣᠭᠤᠷᠢᠭ ᠤᠨ ᠣᠯᠤᠭᠰᠠᠨ ᠰᠢᠨ᠎ᠡ ᠳᠠᠪᠰᠢᠯᠲᠠ ᠨᠢᠭᠡᠪᠦᠷᠢ᠂ ᠰᠢᠨ᠎ᠡ ᠬᠤᠪᠢᠷᠠᠯᠲᠠ ᠨᠢᠭᠡᠪᠦᠷᠢ᠂ ᠰᠢᠨ᠎ᠡ ᠬᠠᠷᠠᠯᠲᠠ ᠨᠢᠭᠡᠪᠦᠷᠢ ᠨᠢ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠪᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠳᠡᠮᠵᠢᠯᠭᠡ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠠᠴᠠ ᠪᠣᠯᠤᠭᠰᠠᠨ ᠭᠡᠳᠡᠭ ᠢ ᠪᠢᠳᠡ ᠭᠦᠨᠵᠡᠭᠡᠢ ᠮᠡᠳᠡᠷᠡᠪᠡ᠃ ᠠᠳᠡ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ᠂ ᠮᠠᠨ ᠤ ᠲᠣᠭᠤᠷᠢᠭ ᠲᠤ ᠰᠠᠭᠤᠭ᠎ᠠ ᠴᠡᠷᠢᠭ ᠠᠩᠬᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠵᠢᠯᠤᠭᠤᠳᠤᠬᠴᠢ ᠪᠠᠶᠢᠯᠳᠤᠭᠴᠢ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠥᠷᠭᠡᠨ ᠤᠯᠠᠨ ᠠᠵᠤ ᠠᠬᠤᠶᠢᠯᠠᠯᠲᠠᠨ᠂ ᠴᠢᠩᠱᠠᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕      ᠡᠭᠦᠨ ᠤ ᠬᠠᠮᠳᠤ᠂ ᠴᠢᠩᠱᠠᠨ ᠲᠤᠭᠤᠷᠢᠭ ᠤᠨ ᠬᠦᠭᠵᠢᠯᠲᠡ ᠳᠤ ᠮᠠᠰᠢ ᠤᠯᠠᠨ ᠬᠦᠴᠢᠷ ᠪᠡᠷᠬᠡᠰᠢᠶᠡᠯ ᠪᠠ ᠦᠷᠢᠰᠦᠯᠳᠦᠭᠡᠨ ᠲᠤᠯᠭᠠᠷᠠᠵᠤ᠂ ᠵᠠᠰᠠᠭ ᠤᠨ ᠤᠷᠳᠤᠨ ᠤ ᠠᠵᠢᠯ ᠳᠤ ᠪᠠᠰᠠ ᠴᠦᠬᠡᠨ ᠪᠤᠰᠤ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠤᠷᠤᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠪᠠ᠃ ᠭᠤᠣᠯᠳᠠᠭᠤ᠄ ᠬᠡᠷᠡᠭᠯᠡᠭᠡ ᠨᠢ ᠦᠨᠳᠦᠰᠦᠨ ᠰᠡᠷᠭᠦᠵᠦ ᠴᠢᠳᠠᠭᠠᠳᠤᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠵᠡᠷᠭᠡ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠬᠤ ᠳᠤ ᠥᠷᠢᠰᠦᠯᠳᠦᠭᠡᠨ ᠲᠤᠯᠭᠠᠷᠠᠵᠤ ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠡᠬᠢ ᠪᠠᠶᠠᠯᠢᠭ ᠤᠨ ᠡᠯᠧᠮᠧᠨ᠋ᠲ ᠢ ᠲᠣᠬᠢᠷᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠴᠢᠬᠤᠯᠠᠲᠠᠢ︔ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠬᠥᠭᠵᠢᠯᠲᠡ ᠶᠢᠨ ᠬᠤᠷᠳᠤᠴᠠ ᠲᠦᠷᠭᠡᠨ ᠪᠤᠰᠤ᠂ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠶᠠᠰᠤ ᠴᠢᠨᠠᠷ ᠦᠷ᠎ᠡ ᠠᠰᠢᠭ ᠥᠨᠳᠥᠷ ᠪᠢᠰᠢ ᠪᠠᠶᠢᠬᠤ ᠶᠢ ᠲᠦᠷᠭᠡᠨ ᠰᠢᠢᠳᠪᠦᠷᠢᠯᠡᠬᠦ ᠴᠢᠬᠤᠯᠠᠲᠠᠢ︔ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠠᠷᠤᠯᠲᠠ ᠮᠦᠨᠬᠦ ᠨᠡᠯᠢᠶᠡᠳ ᠶᠡᠭᠡ ᠪᠠᠶᠢᠨ᠎ᠠ︔ ᠵᠠᠷᠢᠮ ᠺᠠᠳ᠋ᠷᠴᠤᠳ ᠤᠨ ᠦᠵᠡᠯ ᠰᠠᠨᠠᠭ᠎ᠠ ᠣᠶᠢᠯᠠᠭᠠᠭᠳᠠᠬᠤᠨ ᠴᠢᠯᠥᠭᠡᠯᠡᠬᠦ ᠪᠠᠷ ᠬᠦᠷᠦᠯᠴᠡᠬᠦ ᠦᠭᠡᠢ᠂ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠬᠦᠷᠦᠯᠴᠡᠬᠦ ᠦᠭᠡᠢ ᠪᠠᠶᠢᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠮᠦᠨᠬᠦ ᠣᠷᠣᠰᠢᠵᠤ᠂ ᠴᠢᠳᠠᠪᠤᠷᠢ ᠪᠠᠨ ᠳᠡᠭᠡᠭᠰᠢᠯᠡᠭᠦᠯᠦᠨ ᠰᠤᠷᠲᠠᠯ ᠢᠶᠠᠨ ᠬᠤᠪᠢᠷᠠᠭᠤᠯᠬᠤ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠡᠳᠡᠭᠡᠷ ᠠᠰᠠᠭᠤᠳᠠᠯ ᠢ ᠪᠢᠳᠡ ᠨᠢᠭᠡᠨᠲᠡ ᠠᠯᠢ ᠣᠯᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ᠂ ᠬᠤᠶᠢᠰᠢᠳᠠ ᠡᠷᠬᠡᠪᠰᠢ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠴᠢᠩᠱᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃       ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ           ᠲᠥᠯᠥᠭᠡᠯᠡᠭᠴᠢᠳ ᠡ︕ ᠴᠢᠳᠠᠯ ᠬᠤᠷᠠᠮᠳᠤᠭᠤᠯᠤᠮᠠᠭᠴᠠ ᠳᠠᠪᠠᠭ᠎ᠠ ᠳᠠᠪᠠᠵᠤ ᠴᠢᠳᠠᠨ᠎ᠠ︔ ᠰᠦᠷ ᠬᠦᠴᠦᠨ ᠢᠶᠠᠷ ᠳᠠᠪᠠᠯᠭᠠᠨ ᠢ ᠵᠦᠰᠦᠨ ᠤᠷᠤᠭᠰᠢᠯᠠᠵᠤ ᠴᠢᠳᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠭᠤᠤ ᠶᠡᠭᠡ ᠤᠷᠢᠶᠠᠯᠠᠭ᠎ᠠ ᠶᠢ ᠨᠡᠶᠢᠲᠡᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ ᠬᠤᠯᠪᠣᠭᠳᠠᠬᠤ ︽ᠵᠢᠷᠭᠤᠭᠠᠨ ᠢᠨᠵᠧᠨᠧᠷᠢᠩ︾ ᠪᠠ ᠲᠤᠯᠤᠭᠠᠨ ᠲᠠᠯ᠎ᠠ ᠶᠢᠨ ᠡᠭᠦᠷᠭᠡ ᠶᠢ ᠲᠣᠭᠲᠠᠭᠠᠵᠤ᠂ ᠬᠤᠳᠠ ᠶᠢᠨ ᠨᠠᠮ ᠤᠨ ᠬᠤᠷᠢᠶ᠎ᠠ ᠬᠤᠳᠠ ᠶᠢᠨ ᠵᠠᠰᠠᠭ ᠤᠨ ᠣᠷᠳᠣᠨ ᠠᠴᠠ ︽ᠲᠤᠯᠤᠭᠠᠨ ᠶᠡᠭᠡ ᠠᠵᠢᠯᠯᠠᠭ᠎ᠠ︾ ᠪᠠ ᠨᠠᠢᠮᠠᠨ ᠲᠠᠯ᠎ᠠ ᠶᠢᠨ ᠡᠭᠦᠷᠭᠡ ᠶᠢ ᠳᠤᠷᠠᠳᠴᠤ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠤᠯᠠᠨ ᠵᠦᠢᠯ ᠤᠨ ᠲᠦᠷᠦ ᠶᠢᠨ ᠪᠤᠳᠤᠯᠭ᠎ᠠ ᠳᠠᠪᠬᠤᠴᠠᠬᠤ᠂ ᠠᠵᠤ ᠦᠢᠯᠡᠰ ᠤᠨ ᠰᠠᠭᠤᠷᠢ ᠪᠠᠬᠢ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠡᠯᠪᠡᠭ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠰᠢᠯᠢᠳᠡᠭ ᠰᠠᠶᠢᠨ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ ᠵᠡᠷᠭᠡ ᠳᠠᠪᠠᠭᠤᠯᠢᠭ ᠲᠠᠢ ᠪᠠᠶᠢᠵᠤ᠂ ᠰᠢᠨ᠎ᠡ ᠠᠶᠠᠨ ᠵᠠᠮ ᠳᠤ ᠵᠣᠷᠢᠭᠲᠠᠢ ᠪᠠᠷ ᠡᠮᠦᠨ᠎ᠡ ᠡᠩᠨᠡᠭᠡᠨ ᠳᠤ ᠶᠠᠪᠤᠬᠤ ᠬᠠᠷᠢᠭᠤᠴᠠᠯᠭ᠎ᠠ ᠲᠠᠢ᠃ ᠡᠨᠡ ᠪᠣᠯ ᠮᠠᠨ ᠤ ᠲᠣᠭᠲᠠᠯ ᠬᠦᠴᠦᠨ ᠪᠠ ᠢᠳᠡ ᠬᠦᠴᠦ᠂ ᠪᠠᠰᠠ ᠴᠤ ᠮᠠᠨ ᠤ ᠡᠷᠡᠰ ᠵᠣᠷᠢᠭ ᠪᠠ ᠢᠲᠡᠭᠡᠯ ᠵᠣᠷᠢᠭ ᠮᠥᠨ᠃ ᠪᠢᠳᠡ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠲᠠᠯ᠎ᠠ︾ ᠶᠢ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠤᠬᠠᠮᠰᠠᠷ ᠠᠴᠠ ᠪᠠᠨ ᠴᠢᠩᠱᠠᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠠᠮ ᠪᠠ ᠤᠯᠤᠰ ᠤᠨ ᠠᠵᠢᠯ ᠦᠢᠯᠡᠰ ᠤᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠳᠤ ᠲᠠᠯᠪᠢᠵᠤ ᠬᠢᠨᠠᠨ ᠠᠷᠭ᠎ᠠ ᠰᠦᠪᠡᠭᠴᠢᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠂ ᠶᠠᠰᠤ ᠴᠢᠨᠠᠷ ᠦᠷ᠎ᠡ ᠪᠦᠲᠦᠮᠵᠢ ᠶᠢ ᠵᠡᠷᠭᠡᠪᠡᠷ ᠳᠡᠭᠡᠭᠰᠢᠯᠡᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠪᠠᠷ ᠴᠢᠷᠮᠠᠶᠢᠵᠤ᠂ ᠴᠢᠩᠱᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠩ ᠡᠷᠡᠰ ᠴᠢᠩᠭ᠎ᠠ ᠪᠣᠯᠭᠠᠵᠤ᠂ ᠴᠢᠩᠱᠠᠨ ᠤ ᠠᠷᠠᠳ ᠤᠨ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ ᠬᠡᠷᠡᠭᠲᠡᠢ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠪᠠ ︽ᠬᠤᠶᠠᠷ ᠢ ᠡᠯᠰᠡᠵᠦ ᠬᠤᠶᠠᠷ ᠢ ᠤᠷᠤᠭᠤᠯᠬᠤ︾ ᠪᠠᠷ ᠭᠠᠷᠳᠠᠴᠠ ᠪᠣᠯᠭᠠᠵᠤ᠂ ︽ᠬᠤᠶᠠᠷ ᠳᠠᠭᠠᠭᠠᠴᠢᠯᠠᠯᠲᠠ︾ ᠶᠢᠨ ᠣᠷᠴᠢᠨ ᠲᠣᠭᠤᠷᠢᠨ ᠢᠶᠠᠷ ᠪᠠᠲᠤᠯᠠᠭ᠎ᠠ ᠪᠣᠯᠭᠠᠵᠤ᠂ ︽ᠨᠡᠮᠡᠭᠳᠡᠯ ᠢ ᠨᠡᠮᠡᠭᠳᠡᠭᠦᠯᠬᠦ ᠤᠬᠠᠮᠰᠠᠷ︾᠂ ︽ᠪᠣᠳᠠᠲᠠᠢ ᠠᠳᠬᠤᠵᠤ ᠪᠣᠳᠠᠲᠠᠢ ᠠᠵᠢᠯᠯᠠᠬᠤ︾ ᠪᠠᠷ ᠰᠢᠯᠭᠠᠨ ᠪᠠᠶᠢᠴᠠᠭᠠᠯᠲᠠ ᠪᠣᠯᠭᠠᠵᠤ᠂ ᠠᠵᠤ ᠠᠬᠤᠢ ᠶᠢ ᠲᠣᠭᠲᠠᠭᠤᠨ ᠤ ᠳᠤᠮᠳᠠ ᠤᠷᠤᠭᠰᠢᠯᠠᠭᠤᠯᠬᠤ ᠰᠠᠭᠤᠷᠢᠨ ᠳᠡᠭᠡᠷ᠎ᠡ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠ  ᠴᠢᠩᠱᠠᠨ ᠤ ᠬᠠᠷᠢᠭᠤᠴᠠᠯᠭ᠎ᠠ ᠶᠢ ᠢᠯᠡᠷᠡᠭᠦᠯᠬᠦ ᠪᠠᠷ ᠬᠦᠴᠦᠯᠡᠨ ᠴᠢᠷᠮᠠᠶᠢᠨ᠎ᠠ᠃       ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠵᠠᠳᠠᠯᠵᠤ᠂ ᠡᠨᠡ ᠵᠢᠯ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 9% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 20% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 10% ᠪᠠᠷ ᠨᠡᠮᠡᠭᠳᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠶ ᠶᠢᠨ ᠬᠥᠭᠵᠢᠯᠲᠡ ᠯᠦᠭᠡ ᠠᠳᠠᠯᠢ ᠪᠠᠶᠢᠯᠭᠠᠬᠤ ᠪᠣᠯᠤᠨ᠎ᠠ᠃      ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠢᠳᠡ ᠳᠣᠣᠷᠠᠬᠢ ᠬᠡᠳᠦᠨ ᠲᠠᠯ᠎ᠠ ᠶᠢ ᠰᠠᠶᠢᠲᠤᠷ ᠡᠵᠡᠮᠳᠡᠬᠦ ᠬᠡᠷᠡᠭᠲᠡᠢ᠄      ︽ᠭᠤᠷᠪᠠᠨ ᠨᠢᠭᠡᠳᠦᠭᠡᠷ︾ ᠲᠠᠢ ᠢᠮᠠᠭᠲᠠ ᠨᠢᠭᠲᠠ ᠤᠶᠠᠯᠳᠤᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠪᠣᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠭᠤᠣᠯ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠬᠠᠮᠵᠢᠯᠴᠠᠨ ᠬᠦᠴᠦᠯᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠤᠷᠬᠢᠯ ᠢ ᠬᠦᠭᠡᠭᠡᠴᠡᠯᠳᠦᠨ᠎ᠡ᠃      ︽ᠭᠤᠷᠪᠠ ᠶᠢ ᠪᠢᠰᠢᠷᠡᠨ ᠵᠢᠷᠦᠬᠡᠰᠢᠶᠡᠬᠦ︾ ᠶᠢ ᠢᠮᠠᠭᠲᠠ ᠪᠡᠶᠡᠯᠡᠭᠦᠯᠦᠨ᠎ᠡ᠃ ᠲᠡᠦᠬᠡ ᠶᠢ ᠪᠢᠰᠢᠷᠡᠨ ᠬᠦᠨᠳᠦᠳᠬᠡᠬᠦ᠂ ᠰᠣᠶᠣᠯ ᠢ ᠭᠦᠨᠳᠦᠳᠬᠡᠬᠦ᠂ ᠠᠮᠢ ᠠᠬᠤᠢ ᠶᠢ ᠪᠢᠰᠢᠷᠡᠨ ᠵᠢᠷᠦᠬᠡᠰᠢᠶᠡᠬᠦ ᠶᠢ ᠪᠠᠷᠢᠮᠲᠠᠯᠠᠵᠤ᠂ ᠰᠢᠢᠳᠪᠦᠷᠢᠲᠦ ᠪᠤᠳᠤᠯᠭ᠎ᠠ ᠶᠢ ᠪᠣᠯᠭᠤᠮᠵᠢᠲᠠᠢ ᠬᠡᠷᠡᠭᠵᠢᠭᠦᠯᠵᠦ᠂ ᠡᠷᠬᠡ ᠪᠠᠨ ᠬᠡᠷᠡᠭᠯᠡᠬᠦ ᠶᠢ ᠪᠣᠯᠭᠤᠮᠵᠢᠲᠠᠢ ᠴᠢᠬᠤᠯᠠᠴᠢᠯᠠᠵᠤ᠂ ᠠᠮᠢ ᠠᠬᠤᠢ ᠶᠢᠨ ᠬᠠᠮᠠᠭᠠᠯᠠᠯᠲᠠ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠣᠶᠣᠯ ᠤᠨ ᠰᠤᠳᠠᠰᠤ ᠶᠢ ᠣᠷᠭᠠᠨᠢᠭ ᠢᠶᠠᠷ ᠠᠭᠤᠰᠤᠯᠴᠠᠭᠤᠯᠵᠤ᠂ ᠦᠵᠡᠰᠬᠦᠯᠡᠩᠲᠦ ᠰᠠᠶᠢᠬᠠᠨ ᠠᠭᠤᠯᠠ ᠤᠰᠤ᠂ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠬᠤᠳᠠ ᠶᠢᠨ ᠦᠡᠭᠭᠡ ᠶᠢᠨ ᠰᠢᠨᠡᠴᠢᠯᠡᠯᠲᠡ᠂ ᠶᠠᠰᠤ ᠴᠢᠨᠠᠷ ᠤᠨ ᠳᠡᠭᠡᠭᠰᠢᠯᠡᠯᠲᠡ᠂ ᠵᠠᠩ ᠴᠢᠨᠠᠷ ᠤᠨ ᠠᠭᠤᠯᠤᠭᠳᠠᠬᠤᠨ ᠢ ᠦᠷᠭᠦᠯᠵᠢᠯᠡᠨ ᠠᠬᠢᠭᠤᠯᠤᠨ᠎ᠠ᠃      ︽ᠭᠤᠷᠪᠠᠨ ᠲᠥᠷᠥᠭᠳᠡᠯ︾ ᠢ ᠢᠮᠠᠭᠲᠠ ᠠᠩᠬᠠᠷᠤᠨ᠎ᠠ᠃ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠣᠷᠣᠨ ᠪᠠᠶᠢᠷᠢ ᠪᠠᠨ ᠰᠣᠯᠢᠵᠤ ᠰᠡᠳᠬᠢᠵᠦ᠂ ᠤᠨᠢᠨ ᠳᠡᠭᠡᠷ᠎ᠡ ᠨᠢ ᠬᠦᠴᠦᠯᠡᠵᠦ᠂ ᠨᠡᠩ ᠤᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠴᠢᠨᠠᠷ ᠰᠠᠶᠢᠲᠠᠢ ᠠᠮᠢᠳᠤᠷᠠᠯ ᠢ ᠡᠭᠦᠳᠴᠦ᠂ ᠦᠷᠭᠦᠯᠵᠢᠯᠡᠨ ᠲᠡᠮᠡᠴᠡᠬᠦ ᠳᠤᠮᠳᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠵᠤ᠂ ᠴᠢᠩᠱᠠᠨ ᠳᠤ ᠠᠮᠢᠳᠤᠷᠠᠵᠤ ᠪᠠᠶᠢᠭ᠎ᠠ ᠬᠥᠮᠦᠨ ᠨᠢᠭᠡᠪᠦᠷᠢ ᠳᠤ ᠴᠥᠮ ᠲᠣᠭᠲᠠᠭᠤᠨ ᠵᠣᠯ ᠵᠢᠷᠭᠠᠯ ᠢ ᠮᠡᠳᠡᠷᠡᠭᠦᠯᠦᠨ᠎ᠡ᠃      ︽ᠭᠤᠷᠪᠠᠨ ᠤᠳᠤᠷᠢᠳᠤᠮᠵᠢ︾ ᠶᠢ ᠢᠮᠠᠭᠲᠠ  ᠴᠢᠩᠭᠠᠳᠬᠠᠨ᠎ᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠭᠡᠵᠦ᠂ ᠬᠤᠷᠸ᠎ᠠ ᠲᠠᠯ᠎ᠠ ᠶᠢᠨ ᠰᠡᠳᠬᠢᠬᠦᠶ᠂ ᠳᠤᠮᠳᠠ ᠲᠡᠯ᠎ᠡ ᠶᠢᠨ ᠰᠡᠳᠬᠢᠮᠵᠢ᠂ ᠬᠤᠮᠠᠬᠢ ᠠᠵᠢᠯᠯᠠᠭ᠎ᠠ ᠶᠢᠨ ᠦᠢᠯᠡᠳᠦᠯ ᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ ᠴᠢᠩᠭᠠᠳᠬᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠪᠦᠬᠦ ᠶᠠᠪᠤᠴᠠ ᠪᠠᠷ ᠠᠬᠢᠭᠤᠯᠵᠤ᠂ ᠺᠠᠳ᠋ᠷᠴᠤᠳ ᠵᠣᠷᠢᠭᠲᠠᠶ ᠪᠠᠷ ᠬᠢᠵᠦ᠂ ᠠᠵᠤ ᠠᠬᠤᠶᠢᠯᠠᠯ ᠵᠣᠷᠢᠭᠲᠠᠶ ᠪᠠᠷ ᠬᠢᠵᠦ᠂ ᠤᠯᠠᠨ ᠲᠦᠮᠡᠨ ᠵᠣᠷᠢᠭᠲᠠᠶ ᠪᠠᠷ ᠰᠡᠳᠬᠢᠵᠦ᠂ ᠴᠤᠴᠠᠯᠲᠠ ᠥᠬᠡᠶ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠢ ᠬᠢᠪᠡᠯ ᠵᠠᠪᠠᠯ ᠪᠦᠲᠦᠭᠡᠵᠦ᠂ ᠬᠢᠪᠡᠯ ᠵᠠᠪᠠᠯ ᠢᠯᠠᠨ᠎ᠠ᠃      ᠲᠥᠯᠥᠭᠡᠯᠡᠭᠴᠢᠳ ᠡ︕ ᠳᠠᠷᠳᠠᠩ ᠵᠠᠮ ᠳᠥᠭᠦᠮ ᠪᠦᠭᠡᠳ ᠪᠣᠳᠠᠲᠠᠢ ᠠᠵᠢᠯᠯᠠᠭ᠎ᠠ ᠪᠠᠷ ᠭᠤᠣᠯᠳᠠᠯᠭ᠎ᠠ ᠪᠣᠯᠭᠠᠨ᠎ᠠ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠪᠢᠳᠡ ᠡᠷᠬᠡᠪᠰᠢ ᠳᠣᠣᠷᠠᠬᠢ ᠵᠢᠷᠭᠤᠭᠠᠨ ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃      ︵ᠨᠢᠭᠡ︶ ᠪᠤᠳᠠᠳᠤ ᠴᠤᠭᠴᠠᠳᠤ ᠠᠵᠤ ᠠᠬᠤᠢ ᠪᠠᠷ ᠭᠤᠤᠯᠯᠠᠵᠦ᠂ ᠠᠵᠤ ᠦᠢᠯᠡᠰ ᠤᠨ ᠳᠤᠯᠭᠠᠭᠤᠷᠢᠯᠠᠯ ᠤᠨ ᠳᠠᠯ᠎ᠠ ᠪᠠᠷ ᠦᠷᠭᠦᠯᠵᠢᠯᠡᠨ ᠬᠦᠴᠦᠯᠡᠨ᠎ᠡ      ᠨᠢᠭᠡ ᠳᠤ ᠲᠡᠷᠢᠭᠦᠨ ᠤ ᠠᠵᠤ ᠦᠢᠯᠡᠰ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠨᠡᠩ ᠥᠨᠳᠥᠷ ᠳᠡᠰ ᠤᠨ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠲᠠ︾ ᠶᠢ ᠪᠠᠶᠢᠭᠤᠯᠵᠤ᠂ ᠬᠤᠩ ᠶᠤᠸᠠᠨ 16GW ᠶᠢᠨ ᠳ᠋ᠢᠶᠠᠨ ᡂᠢ᠂ ᠱᠢ ᠵᠢᠢ ᠠᠯᠲᠠᠨ ᠭᠤᠣᠯᠲᠤ ᠨᠡᠭᠦᠷᠡᠰᠦᠲᠥ᠋ᠷᠥᠭᠴᠢᠲᠦ ᠴᠠᠬᠢᠭᠤᠷ ᠵᠡᠷᠭᠡ 16 ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠤᠩ ᠶᠤᠸᠠᠨ ᠲᠣᠨᠣᠭᠯᠠᠯ᠂ ᠵᠢᠩ ᠤᠤ ᠳ᠋ᠢᠶᠠᠨ ᡂᠢ᠂ ᠠᠲ᠋ᠧᠰ ᠬᠡᠷᠴᠢᠮᠡᠯ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠬᠠᠮᠤᠭ ᠤᠨ ᠲᠦᠷᠭᠡᠨ ᠢᠶᠠᠷ ᠪᠠᠶᠢᠭᠤᠯᠤᠨ᠎ᠠ᠃ ᠴᠥᠮ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠥᠨᠳᠥᠷ ᠳᠤᠯᠠᠭᠠᠨ ᠳᠤ ᠠᠭᠠᠷ ᠬᠦᠷᠦᠭᠡᠯᠡᠭᠴᠢ ᠣᠪᠣᠭᠠᠯᠠᠬᠤ ᠦᠢᠯᠡᠳᠪᠦᠷᠢᠯᠡᠯ ᠤᠨ ᠱᠤᠭᠤᠮ ᠤᠨ ᠠᠷᠪᠠᠨ ᠳᠠᠬᠢᠨ ᠥᠷᠭᠡᠳᠭᠡᠬᠦ᠂ ᠤᠰᠤ ᠳᠠᠷᠤᠭᠰᠠᠨ ᠰᠢᠲᠠᠭᠠᠯᠭ᠎ᠠ ᠶᠢᠨ ᠲᠤᠨᠤᠭ ᠤᠨ ᠦᠢᠯᠡᠳᠪᠦᠷᠢᠯᠡᠯ ᠤᠨ ᠱᠤᠭᠤᠮ ᠤᠨ ᠵᠣᠬᠢᠴᠠᠬᠤ ᠴᠢᠨᠠᠷᠲᠠᠶ ᠥᠭᠡᠷᠡᠴᠢᠯᠡᠯᠲᠡ᠂ ᠲᠡᠷᠢᠭᠦᠨ ᠤ ᠳᠦᠷᠪᠡᠳᠦᠭᠡᠷ ᠦᠶ᠎ᠡ ᠶᠢᠨ ᠴᠥᠮ᠎ᠡ ᠶᠢᠨ ᠴᠠᠬᠢᠯᠭᠠᠨ ᠤ ᠮᠡᠷᠭᠡᠵᠢᠯ ᠢ ᠢᠵᠢ ᠪᠦᠷᠢᠳᠦᠭᠦᠯᠦᠨ ᠠᠭᠤᠰᠤᠯᠴᠠᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠥᠮ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠣᠨᠤᠭ ᠲᠥᠬᠦᠭᠡᠷᠦᠮᠵᠢ  ᠦᠢᠯᠡᠳᠬᠦ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠭᠤᠷᠪᠠ ᠨᠢᠭᠡ ᠶᠢᠨ ᠬᠦᠨᠳᠦ ᠡᠨᠧᠷᠭᠢ ᠶᠢᠨ ᠠᠭᠤᠷᠬᠠᠶ ᠳᠤ ᠬᠡᠷᠡᠭᠯᠡᠬᠦ ᠮᠠᠰᠢᠨ ᠮᠧᠬᠠᠨᠢᠭ ᠦᠢᠯᠡᠳᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠵᠠᠮ ᠬᠥᠭᠦᠷᠭᠡ ᠶᠢᠨ ᠪᠣᠯᠣᠳ ᠲᠡᠮᠦᠷ ᠤᠨ ᠪᠦᠲᠦᠴᠡ ᠶᠢᠨ ᠮᠡᠷᠭᠡᠵᠢᠯ ᠤᠨ ᠠᠵᠢᠯᠴᠢᠨ ᠢ ᠪᠣᠯᠪᠠᠰᠤᠷᠠᠭᠤᠯᠤᠨ ᠦᠢᠯᠡᠳᠬᠦ ᠵᠢᠴᠢ ᠰᠢᠨ᠎ᠡ ᠡᠨᠧᠷᠭᠢ ᠶᠢᠨ ᠶᠡᠷᠦᠩᠬᠡᠶᠢᠯᠡᠭᠰᠡᠨ ᠢᠵᠢ ᠪᠥᠷᠢᠳᠦᠭᠦᠯᠬᠦ ᠪᠤᠭᠤᠲᠤ ᠶᠢᠨ ᠰᠠᠭᠤᠷᠢᠨ ᠭᠠᠵᠠᠷ᠂ ᠵᠥᠩ ᠯᠢ ᠮᠧᠬᠠᠨᠢᠭ ᠢ ᠳᠠᠬᠢᠨ ᠦᠢᠯᠡᠳᠬᠦ ᠲᠥᠪ ᠵᠡᠷᠭᠡ 5 ᠲᠥᠷᠥᠯ ᠵᠦᠢᠯ ᠢ ᠬᠡᠷᠡᠭᠵᠢᠭᠦᠯᠦᠨ᠎ᠡ᠃ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠵᠢᠴᠢ ᠢᠵᠢ ᠪᠦᠷᠢᠳᠦᠭᠦᠯᠬᠦ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠸᠢ ᠪᠧᠨ ᠪᠦᠯᠦᠭᠯᠡᠯ ᠤᠨ ᠰᠢᠨ᠎ᠡ ᠡᠨᠧᠷᠭᠢ ᠶᠢᠨ ᠬᠥᠩᠭᠡᠨ ᠴᠠᠭᠠᠨ ᠤᠰᠤᠨ ᠤ ᠬᠦᠷᠢᠶ᠎ᠡ ᠶᠢᠨ ᠰᠣᠷᠢᠨᠵᠢᠨ ᠰᠡᠷᠭᠡᠶᠢᠯᠡᠬᠦ ᠲᠡᠷᠭᠡ᠂ ᠴᠠᠬᠢᠯᠭᠠᠨ ᠤ ᠲᠣᠮᠣ ᠬᠡᠮᠵᠢᠶ᠎ᠡ ᠶᠢᠨ ᠤᠷᠲᠤ ᠦᠷᠭᠦᠯᠵᠢᠯᠡᠨ ᠬᠦᠨᠳᠦ ᠠᠴᠢᠶᠠᠨ ᠤ ᠮᠠᠰᠢᠨ ᠲᠡᠷᠭᠡ ᠵᠡᠷᠭᠡ ᠲᠡᠷᠭᠡᠨ ᠬᠡᠯᠪᠡᠷᠢ ᠶᠢ ᠰᠤᠳᠤᠯᠤᠨ ᠳᠡᠯᠭᠡᠷᠡᠭᠦᠯᠬᠦ ᠶᠢ ᠳᠡᠮᠵᠢᠵᠦ᠂ ᠵᠢᠯ ᠤᠨ ᠳᠣᠲᠣᠷ᠎ᠠ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡᠨ ᠤ ᠭᠠᠷᠤᠯᠲᠠ ᠶᠢ 2000 ᠭᠠᠷᠤᠢ ᠳᠠᠪᠠᠭᠤᠯᠤᠨ᠎ᠠ᠃ ᠪᠧᠶ ᠪᠧᠨ ᠪᠦᠯᠦᠭᠯᠡᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠳᠡᠮᠵᠢᠵᠦ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠠᠮᠠᠭᠠᠯᠠᠵᠤ ᠵᠡᠷᠭᠡ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠬᠠᠨ᠎ᠠ᠃      ᠬᠤᠶᠠᠷ ᠲᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠲᠦᠷᠭᠡᠳᠬᠡᠨ᠎ᠡ᠃ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠱᠧᠩ ᠨᠧᠩ ᠠᠵᠤ ᠦᠢᠯᠡᠰ ᠢ ᠨᠢᠭᠡ ᠴᠤᠭᠴᠠᠵᠢᠭᠤᠯᠬᠤ ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠵᠤ᠂ ᠵᠢᠩ ᠴᠧᠨ 5000 ᠰᠠᠭᠤᠷᠢ ᠢᠵᠢ ᠲᠥᠭᠦᠭᠡᠷᠦᠯᠲᠡ ᠲᠠᠢ ᠳ᠋ᠢᠶᠠᠨ ᡂᠢ ᠶᠢᠨ ᠴᠠᠬᠢᠯᠭᠠᠨ ᠵᠤᠤᠬ᠎ᠠ ᠶᠢ ᠤᠭᠰᠠᠷᠠᠬᠤ ᠦᠢᠯᠡᠳᠪᠦᠷᠢᠯᠡᠯ ᠤᠨ ᠱᠤᠭᠤᠮ᠂ ᠺᠦᠨ ᠬᠤᠸᠠ 5000 ᠢᠵᠢ ᠲᠦᠯᠡᠰᠢᠨ ᠳ᠋ᠢᠶᠠᠨ ᡂᠢ ᠶᠢᠨ ᠬᠥᠳᠡᠯᠭᠡᠬᠦ ᠬᠦᠴᠦᠨ ᠤ ᠰᠢᠰᠲ᠋ᠧᠮ ᠤᠨ ᠦᠢᠯᠡᠳᠪᠦᠷᠢᠯᠡᠯ ᠤᠨ ᠱᠤᠭᠤᠮ ᠵᠡᠷᠭᠡ 6 ᠲᠥᠷᠥᠯ ᠵᠦᠢᠯ ᠢ ᠬᠦᠴᠦᠯᠡᠨ ᠰᠠᠶᠢᠲᠤᠷ ᠠᠳᠬᠤᠵᠤ᠂ ᠵᠢᠱᠢᠶ᠎ᠡ ᠦᠵᠡᠭᠦᠯᠦᠨ ᠬᠡᠷᠡᠭᠯᠡᠬᠦ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ ᠸᠧᠢ ᠵᠢᠩ 3GW ᠶᠢᠨ ᠴᠠᠶᠢᠷ ᠤᠨ ᠰᠢᠩᠭᠡᠨ ᠤᠷᠤᠰᠬᠤ ᠳ᠋ᠢᠶᠠᠨ ᡂᠢ ᠵᠡᠷᠭᠡ 4 ᠲᠥᠷᠥᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠵᠦ᠂ ᠤᠰᠤᠲᠥ᠋ᠷᠥᠭᠴᠢ ᠭᠠᠷᠠᠮ᠂ ᠭᠦᠸᠧ ᠰᠢᠤᠸᠠᠨ ᠵᠡᠷᠭᠡ ᠡᠨᠧᠷᠭᠢ ᠬᠠᠳᠠᠭᠠᠯᠠᠬᠤ 4 ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠨᠧᠷᠭᠢ ᠬᠠᠳᠠᠭᠠᠯᠠᠬᠤ ᠬᠥᠭᠵᠢᠯᠲᠡ ᠶᠢᠨ ᠰᠢᠨ᠎ᠡ ᠥᠨᠳᠦᠷᠯᠢᠭ ᠢ ᠬᠦᠴᠦᠯᠡᠨ ᠪᠠᠶᠢᠭᠤᠯᠤᠨ᠎ᠠ᠃ ᠨᠠᠨ ᠭᠤᠤ ᡂᠢ ᠭᠦᠢᠴᠡᠳ ᠠᠰᠢᠭᠯᠠᠬᠤ ᠶᠠᠪᠤᠳᠠᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠴᠦᠩᠴᠢᠩ ᠰᠠᠯᠬᠢᠨ ᠬᠦᠴᠦᠨ ᠤ ᠴᠠᠬᠢᠯᠭᠠᠨ ᠤ ᠰᠢᠯ ᠰᠢᠷᠬᠡᠭᠯᠢᠭ ᠮᠠᠲ᠋ᠧᠷᠢᠶᠠᠯ ᠤᠨ ᠲᠥᠷᠥᠯ ᠵᠦᠢᠯ ᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ ᠲᠣᠨᠤᠭ ᠲᠥᠬᠦᠭᠡᠷᠦᠮᠵᠢ ᠦᠢᠯᠡᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠢ ᠪᠤᠯᠭᠠᠨ᠎ᠠ᠃ ᠴᠢᠶᠠᠨ ᠶᠦᠨ ᠳᠡᠭᠡᠳᠦ ᠰᠢᠨᠵᠢᠯᠡᠬᠦ ᠤᠬᠠᠭᠠᠨ᠂ ᠴᠢᠩ ᠶᠦᠨ ᠰᠢᠨ᠎ᠡ ᠮᠠᠲ᠋ᠧᠷᠢᠶᠠᠯ ᠵᠡᠷᠭᠡ ᠵᠦᠢᠯᠡᠰ ᠢ ᠲᠦᠷᠭᠡᠪᠴᠢᠯᠡᠨ ᠬᠡᠷᠡᠭᠵᠢᠭᠦᠯᠵᠦ᠂ ᠪᠢ ᠶᠠ ᠳ᠋ᠢ ᠵᠡᠰ ᠴᠠᠭᠠᠰᠤᠨ ᠤ ᠲᠥᠷᠥᠯ ᠵᠦᠢᠯ ᠤᠨ ᠦᠢᠯᠡᠳᠪᠦᠷᠢᠯᠡᠯ ᠢᠶᠠᠨ  ᠦᠷᠭᠡᠳᠭᠡᠨ ᠦᠷ᠎ᠡ ᠠᠰᠢᠭ ᠢᠶᠠᠨ ᠨᠡᠮᠡᠭᠳᠡᠭᠦᠯᠬᠦ ᠶᠠᠪᠤᠳᠠᠯ ᠢ ᠠᠬᠢᠭᠤᠯᠤᠨ᠎ᠠ᠃ ᠯᠢᠶᠠᠨ ᠳ᠋ᠦᠩ U ᠬᠥ᠋ ᠴᠢᠩᠱᠠᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠤᠯᠤᠰ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠡᠨᠧᠷᠭᠢ ᠣᠯᠭᠤᠨ᠎ᠠ᠃      ᠭᠤᠷᠪᠠ ᠳᠤ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠲᠠᠪᠦᠷᠢᠵᠢᠭᠤᠯᠤᠨ᠎ᠠ᠃ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠤ ᠬᠠᠩᠭᠠᠯᠭ᠎ᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠵᠢᠢ ᠰᠢᠩ ᠲᠠᠷᠢᠶᠠᠯᠠᠩ᠂ ᠰᠢᠨ ᠹᠠ ᠳ᠋ᠢ ᠵᠡᠷᠭᠡ ᠭᠤᠣᠯᠳᠠᠯᠭ᠎ᠠ ᠲᠠᠢ ᠲᠠᠷᠢᠶᠠᠯᠠᠩ ᠤᠨ ᠲᠦᠷᠦᠯ ᠵᠦᠢᠯ ᠲᠠᠢ ᠢᠳᠡᠪᠬᠢᠲᠡᠢ ᠵᠣᠯᠭᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠨᠡᠩ ᠶᠡᠭᠡ ᠡᠷᠴᠢᠮ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ 15 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠬᠠᠮᠲᠤ ᠶᠢᠨ ᠠᠵᠤ ᠦᠢᠯᠡᠰ ᠤᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠠᠭᠤᠨ ᠲᠦᠮᠡᠨ ᠲᠥᠭᠦᠷᠢᠭ ᠤᠨ ᠲᠣᠰᠬᠤᠨ ᠢ 12 ᠪᠣᠯᠭᠠᠬᠤ ᠪᠠᠷ ᠴᠢᠷᠮᠠᠶᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠵᠠᠮ ᠮᠥᠷ ᠢ ᠥᠷᠭᠡᠳᠬᠡᠵᠦ᠂ ᠬᠠᠩᠭᠠᠨ ᠪᠣᠷᠣᠯᠠᠭᠤᠯᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠲᠠᠪᠴᠠᠩ ᠢ ᠪᠠᠶᠢᠭᠤᠯᠵᠤ᠂ ᠬᠤᠲᠠ ᠬᠥᠳᠡᠭᠡ ᠶᠢᠨ ᠦᠢᠯᠡᠳᠪᠦᠷᠢᠯᠡᠯ ᠬᠢᠭᠡᠳ ᠬᠡᠷᠡᠭᠯᠡᠭᠡ ᠶᠢᠨ ᠪᠦᠲᠦᠮᠵᠢᠲᠡᠶ ᠵᠣᠯᠭᠠᠯᠳᠤᠬᠤ ᠶᠢ  ᠠᠬᠢᠭᠤᠯᠤᠨ᠎ᠠ᠃ ᠲᠠᠷᠢᠶᠠᠯᠠᠩ ᠰᠣᠶᠣᠯ  ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳ᠋ᠦᠩ ᠳ᠋ᠠ ᠱᠠᠨ ᠵᠢᠭᠤᠯᠴᠢᠯᠠᠯ ᠤᠨ ᠲᠣᠰᠬᠤᠨ ᠢ ᠪᠦᠬᠦ ᠬᠤᠳᠠ ᠶᠢᠨ ᠠᠷᠠᠳ ᠤᠯᠠᠨ ᠤ ᠲᠡᠷᠢᠭᠦᠨ ᠰᠣᠩᠭᠤᠭᠰᠠᠨ ︽ᠭᠠᠷᠠᠭ ᠤᠨ ᠰᠡᠭᠦᠯᠴᠢ ᠶᠢᠨ ᠰᠡᠯᠡᠭᠦᠴᠡᠯ ᠤᠨ ᠨᠢᠭᠡᠳᠦᠭᠡᠷ ᠲᠣᠰᠬᠤᠨ︾ ᠪᠣᠯᠭᠠᠨ᠎ᠠ᠃      ︵ᠬᠤᠶᠠᠷ︶ ᠬᠠᠩᠭᠠᠯᠭ᠎ᠠ ᠬᠡᠷᠡᠭᠴᠡᠭᠡ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ᠎ᠡ      ᠨᠢᠭᠡ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠢᠶᠠᠷ ᠲᠣᠭᠤᠷᠢᠭ ᠪᠠᠶᠢᠭᠤᠯᠵᠤ᠂ ᠦᠢᠯᠡᠳᠬᠦ ᠦᠢᠯᠡᠰ ᠢᠶᠠᠷ ᠡᠷᠬᠡ ᠮᠡᠳᠡᠵᠦ᠂ ᠲᠡᠷᠢᠭᠦᠨ ᠤ ᠦᠢᠯᠡᠳᠬᠦ ᠦᠢᠯᠡᠰ ᠢᠶᠠᠷ ᠭᠤᠤᠯ ᠪᠣᠯᠭᠠᠭᠰᠠᠨ ᠠᠵᠤ ᠦᠢᠯᠡᠰ ᠤᠨ ᠪᠦᠯᠦᠭᠵᠢᠯ ᠢ ᠶᠡᠬᠡᠪᠡᠷ ᠬᠥᠭᠵᠢᠭᠦᠯᠵᠦ᠂ ᠰᠢᠨ᠎ᠡ ᠬᠡᠯᠪᠡᠷᠢ ᠶᠢᠨ ᠠᠵᠤ  ᠦᠢᠯᠡᠳᠪᠦᠷᠢ ᠶᠢ ᠪᠥᠬᠦ ᠲᠠᠯ᠎ᠠ ᠪᠠᠷ ᠠᠬᠢᠭᠤᠯᠤᠨ᠎ᠠ᠃ ᠨᠡᠮᠡᠭᠳᠡᠯ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ 78 ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 693.8 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠵᠢᠯ ᠳᠤ 377.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠪᠠᠷᠢᠯᠭ᠎ᠠ ᠳᠠᠭᠤᠰᠴᠤ 50 ᠠᠴᠠ ᠳᠡᠭᠡᠭᠰᠢ ᠠᠰᠢᠭᠯᠠᠯᠲᠠ ᠳᠤ ᠣᠷᠣᠭᠤᠯᠤᠨ᠎ᠠ᠃ ᠠᠵᠢᠯ ᠲᠥᠷᠥᠯ ᠤᠨ ᠳᠠᠭᠠᠭᠤᠯᠤᠭᠴᠢ᠂ ᠲᠣᠮᠣ ᠬᠡᠯᠪᠡᠷᠢ ᠶᠢᠨ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠪᠤᠶᠢᠵᠢᠭᠤᠯᠵᠤ᠂ ᠵᠠᠭᠤᠨ ᠳ᠋ᠦᠩᠰᠢᠭᠤᠷ ᠲᠠᠰ ᠤᠨ ᠠᠵᠤ ᠠᠬᠤᠶᠢᠯᠠᠯ ᠢ 5᠂ ᠠᠷᠪᠠᠨ ᠳ᠋ᠦᠩᠰᠢᠭᠤᠷ ᠲᠠᠰ ᠤᠨ ᠠᠵᠤ ᠠᠬᠤᠶᠢᠯᠠᠯ ᠢ 10᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ 120 ᠨᠡᠮᠡᠭᠳᠡᠭᠦᠯᠬᠦ ᠪᠠᠷ ᠴᠢᠷᠮᠠᠶᠢᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ ᠲᠥᠷᠥᠯ ᠵᠦᠢᠯ ᠢ ᠠᠳᠬᠤᠵᠤ᠂ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠪᠣᠳᠠᠲᠠᠶ ᠬᠢᠵᠦ᠂ ︽ᠭᠤᠷᠪᠠ ᠶᠢ ᠲᠡᠮᠡᠴᠡᠨ ᠤᠯᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠭᠡᠳᠦ ᠱᠠᠲᠤᠨ ᠠᠴᠠ ᠪᠠᠯᠠ ᠮᠥᠩᠭᠦ  ᠤᠯᠬᠤ ᠨᠤᠷᠮ᠎ᠠ ᠶᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠢᠴᠢ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠶᠠᠮᠤᠨ ᠲᠢᠩᠬᠢᠮ ᠳᠤ ᠬᠦᠷᠴᠦ᠂ ᠵᠣᠯᠭᠠᠭᠤᠯᠤᠨ ᠵᠣᠬᠢᠴᠠᠭᠤᠯᠵᠤ᠂ ᠲᠥᠷᠥᠯ ᠵᠦᠢᠯ ᠢ ᠨᠠᠷᠢᠯᠢᠭ ᠤᠨᠤᠪᠴᠢᠲᠠᠢ ᠢᠶᠠᠷ ᠤᠬᠠᠭᠠᠯᠠᠨ ᠲᠥᠯᠥᠪᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠯᠲᠡ ᠶᠢᠨ ᠠᠰᠢᠭ ᠲᠤᠰᠠ ᠪᠣᠯᠭᠠᠨ ᠬᠤᠪᠢᠷᠠᠭᠤᠯᠤᠨ᠎ᠠ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ ᠲᠥᠷᠥᠯ ᠵᠦᠢᠯ ᠢ ᠠᠳᠬᠤᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠦᠨ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠵᠦᠢᠯ ᠤᠨ ᠭᠠᠷᠳᠠᠮ ᠢ ᠪᠦᠬᠦᠨ ᠢ ᠬᠦᠢᠴᠡᠳᠬᠡᠵᠦ ᠳᠠᠭᠤᠰᠬᠠᠬᠤ ᠪᠠᠷ ᠴᠢᠷᠮᠠᠶᠢᠵᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠪᠦᠬᠦᠨ ᠢ ᠠᠵᠢᠯ ᠰᠡᠷᠭᠦᠭᠡᠵᠦ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠴᠢᠷᠮᠠᠶᠢᠨ᠎ᠠ᠃      ᠬᠤᠶᠠᠷ ᠲᠤ ᠬᠡᠷᠡᠭᠯᠡᠭᠡᠨ ᠤ ᠠᠵᠢᠯ ᠲᠥᠷᠥᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ ᠬᠡᠷᠡᠭᠯᠡᠭᠡᠨ ᠤ ᠬᠠᠯᠠᠮᠰᠢᠯ ᠠᠰᠠᠭᠤᠳᠠᠯ ᠢ ᠴᠢᠩᠭ᠎ᠠ ᠠᠩᠬᠠᠷᠴᠤ ᠨᠢᠭᠡ ᠪᠦᠯᠦᠭ ᠵᠢᠭᠤᠯᠴᠢᠯᠠᠯ᠂ ᠬᠤᠳᠠᠯᠳᠤᠨ ᠠᠪᠬᠤ᠂ ᠵᠤᠭ᠎ᠠ ᠴᠡᠩᠭᠡᠯ ᠵᠡᠷᠭᠡ ᠰᠢᠨ᠎ᠡ ᠨᠡᠮᠡᠭᠳᠡᠯ ᠤᠨ ᠴᠡᠭ ᠢ ᠤᠬᠠᠭᠠᠯᠠᠵᠤ᠂ ᠬᠡᠷᠡᠭᠯᠡᠭᠡᠨ ᠤ ︽ᠳᠡᠯᠪᠡᠷᠡᠯᠲᠡ ᠶᠢᠨ ᠴᠡᠭ︾ ᠢ ᠦᠷᠭᠦᠯᠵᠢᠯᠡᠨ ᠪᠠᠶᠢᠭᠤᠯᠵᠤ᠂ ᠬᠤᠳᠠ ᠶᠢᠨ ᠠᠶᠠᠨᠴᠢᠳ ᠤᠨ ᠢᠷᠡᠯᠳᠡ ᠶᠢ ᠳᠦᠷᠬᠡᠳᠬᠡᠨ᠎ᠡ᠃ ᠸᠠᠨ ᠬᠤᠤ ᠪᠠᠭᠤᠳᠠᠯ ᠤᠨ ᠠᠵᠢᠯ ᠡᠬᠢᠯᠡᠭᠦᠯᠬᠦ᠂ ᠪᠥᠬᠦ ᠤᠯᠠᠷᠢᠯ ᠤᠨ ᠪᠠᠭᠤᠳᠠᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠭᠤᠳᠤᠮᠵᠢ ᠶᠢᠨ ᠬᠤᠳᠠᠯᠳᠤᠭ᠎ᠠ ᠣᠷᠣᠨ ᠰᠠᠭᠤᠴᠠ ᠶᠢᠨ ᠲᠥᠷᠥᠯ ᠵᠦᠢᠯ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠸᠠᠨ ᠺᠧ ᠰᠠᠭᠤᠭᠳᠠᠯ ᠬᠤᠲᠠ ᠶᠢᠨ ᠡᠵᠡᠩᠨᠡᠯᠲᠡ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠣᠯᠢᠮᠫᠢᠺ ᠤᠨ ᠪᠡᠶ᠎ᠡ ᠶᠢᠨ ᠲᠠᠮᠢᠷ ᠤᠨ ᠴᠡᠴᠡᠷᠯᠢᠭ᠂ ᠪᠡᠶ᠎ᠡ ᠶᠢᠨ ᠲᠠᠮᠢᠷ ᠤᠨ ᠲᠥᠪ ᠢ ᠬᠤᠯᠪᠣᠵᠤ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠶᠢ ᠨᠢᠭᠡ ᠴᠣᠭᠴᠠᠵᠢᠭᠤᠯᠤᠭᠰᠠᠨ ᠪᠥᠬᠦ ᠬᠤᠲᠠ ᠶᠢᠨ ᠬᠡᠷᠡᠭᠯᠡᠭᠡᠨ ᠤ ᠰᠢᠨ᠎ᠡ ᠪᠠᠷᠢᠮᠵᠢᠶ᠎ᠠ ᠶᠢ ᠪᠣᠶ ᠪᠣᠯᠭᠠᠨ᠎ᠠ᠃ ᠨᠠᠷᠢᠨ ᠬᠤᠳᠠᠯᠳᠤᠭᠠᠨ ᠤ ᠲᠣᠭᠤᠷᠢᠭ᠂ ᠵᠧᠩ ᠰᠢᠶᠠᠩ ᠸᠠᠨ ᠣᠷᠣᠨ ᠵᠠᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠠᠶᠢᠷᠢᠰᠢᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ ᠮᠧᠢ ᠲᠤᠸᠠᠨ ᠣᠶᠤᠨᠲᠤ ᠵᠠᠮ ᠬᠠᠷᠢᠯᠴᠠᠭ᠎ᠠ ᠪᠠᠷᠠᠭᠤᠨ ᠬᠤᠢᠲᠤ ᠶᠢᠨ ᠡᠵᠡᠩᠨᠡᠯᠲᠡ ᠶᠢᠨ ᠲᠥᠪ ᠢ ᠴᠢᠩᠭ᠎ᠠ ᠠᠩᠬᠠᠷᠴᠤ ᠵᠢᠯ ᠤᠨ ᠳᠣᠲᠣᠷ᠎ᠠ ᠶᠡᠷᠦᠩᠬᠡᠢ ᠬᠡᠯᠲᠡᠰ ᠤᠨ ᠲᠠᠰᠤᠯᠤᠨ ᠪᠣᠳᠣᠬᠤ ᠶᠢ ᠪᠡᠶᠡᠯᠡᠭᠦᠯᠦᠨ᠎ᠡ᠃ ᠿᠧᠨ ᠺᠠᠩ ᠡᠮ ᠤᠨ ᠦᠢᠯᠡᠰ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ︽ᠦᠪᠦᠷ ᠮᠤᠩᠭᠤᠯ ᠳᠤ  ᠤᠷᠢᠳ ᠢᠶᠠᠷ ᠤᠷᠤᠬᠤ︾ ︽ᠪᠤᠭᠤᠳᠤ ᠳᠤ ᠤᠷᠢᠳ ᠢᠶᠠᠷ ᠤᠷᠤᠬᠤ︾ ᠨᠡᠷᠡᠳᠤ ᠲᠡᠮᠳᠡᠭ ᠤᠨ ᠬᠤᠰᠢᠭᠤᠴᠢ ᠲᠡᠯᠭᠡᠬᠦᠷ 10 ᠠᠴᠠ ᠲᠡᠭᠡᠭᠰᠢᠬᠢ ᠶᠢ ᠲᠠᠳᠠᠨ ᠤᠷᠤᠭᠤᠯᠵᠤ᠂ ᠨᠡᠩ ᠤᠯᠠᠨ ᠴᠢᠩᠱᠠᠨ ᠠᠭᠤᠯᠠ ᠤᠰᠤᠨ ᠤ ᠨᠡᠷᠡᠳᠤ ᠲᠡᠮᠳᠡᠭ ᠢ ᠪᠦᠬᠦ ᠤᠯᠤᠰ ᠲᠤ ᠨᠡᠪᠳᠡᠷᠡᠬᠦᠯᠬᠦ ᠶᠢ ᠠᠬᠢᠭᠤᠯᠤᠨ᠎ᠠ᠃ ITF ᠣᠯᠠᠨ ᠤᠯᠤᠰ ᠤᠨ ᠡᠷᠡᠭᠲᠡᠶ ᠶᠢᠨ ᠲᠣᠤᠷ ᠪᠥᠮᠪᠦᠭᠡ ᠶᠢᠨ ᠲᠣᠭᠤᠷᠢᠨ ᠦᠵᠡᠬᠦ ᠤᠷᠤᠯᠳᠤᠭᠠᠨ᠂ ᠳᠤᠮᠳᠠᠳᠤ ᠤᠯᠤᠰ ᠤᠨ ᠡᠷᠡᠭᠲᠡᠶ ᠶᠢᠨ ᠰᠠᠭᠰᠤᠨ ᠪᠥᠮᠪᠦᠭᠡ ᠶᠢᠨ ᠠᠵᠢᠯ ᠮᠡᠷᠭᠡᠵᠢᠯ ᠤᠨ ᠤᠷᠤᠯᠳᠤᠭᠠᠨ᠂ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠪᠠᠷᠠᠭᠤᠨ ᠬᠡᠰᠡᠭ ᠤᠨ ᠤᠷᠢᠯᠭ᠎ᠠ ᠶᠢᠨ ᠤᠷᠤᠯᠳᠤᠭᠠᠨ ᠵᠡᠷᠭᠡ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠤᠷᠤᠯᠳᠤᠭᠠᠨ ᠢ ᠦᠷᠭᠦᠯᠵᠢᠯᠡᠨ ᠭᠤᠶᠤᠴᠢᠯᠠᠨ ᠡᠷᠬᠢᠯᠡᠵᠦ᠂ ᠪᠡᠶ᠎ᠡ ᠶᠢᠨ ᠲᠠᠮᠢᠷ ᠢ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠰᠢᠭᠦᠷᠭᠡ  ᠪᠤᠯᠭᠠᠨ᠎ᠠ       ᠭᠤᠷᠪᠠ ᠳᠤ᠂ ᠬᠦᠴᠦᠷᠬᠡᠭ ᠶᠡᠭᠡ ᠬᠦᠴᠦᠨ ᠢ ᠣᠷᠣᠭᠤᠯᠤᠨ ᠠᠪᠴᠢᠷᠠᠵᠤ ᠬᠦᠴᠦᠨ ᠴᠢᠳᠠᠯ ᠣᠯᠭᠤᠬᠤ ᠶᠢ ᠠᠬᠢᠭᠤᠯᠤᠨ᠎ᠠ᠃ ︽ᠪᠠᠶᠢᠪᠠᠯ ᠬᠦᠴᠦᠷᠬᠡᠭᠯᠡᠬᠦ︾ ᠶᠢ ᠪᠠᠷᠢᠮᠲᠠᠯᠠᠵᠤ᠂ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠣᠨᠣᠪᠴᠢᠲᠠᠢ ᠢᠯᠭᠠᠨ ᠲᠠᠨᠢᠵᠤ᠂ ᠬᠤᠳᠠᠯᠳᠤᠭᠠᠴᠢᠨ ᠤᠷᠢᠬᠤ ᠭᠠᠷᠴᠠᠭ ᠤᠨ ᠵᠢᠭᠰᠠᠭᠠᠯ ᠢ ᠲᠡᠭᠦᠯᠳᠡᠷᠵᠢᠭᠦᠯᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠨᠢᠭᠡ ᠪᠦᠯᠦᠭ ᠪᠡᠯᠡ ᠣᠷᠣᠭᠤᠯᠤᠯᠲᠠ ᠶᠢᠨ ᠪᠠᠭᠲᠠᠭᠠᠮᠵᠢ ᠶᠡᠭᠡ᠂ ᠠᠵᠤ ᠦᠢᠯᠡᠰ ᠤᠨ ᠶᠠᠰᠤ ᠴᠢᠨᠠᠷ ᠰᠢᠯᠢᠳᠡᠭ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠰᠠᠶᠢᠨ ᠪᠠᠶᠢᠬᠤ ᠲᠡᠷᠢᠭᠦᠨ ᠤ ᠠᠵᠤ ᠠᠬᠤᠶᠢᠯᠠᠯ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ᠃ ᠪᠥᠬᠦ ᠵᠢᠯ ᠳᠤ ᠣᠷᠣᠭᠤᠯᠤᠨ ᠠᠪᠴᠢᠷᠠᠵᠤ ᠳᠠᠩᠰᠠᠯᠠᠭᠤᠯᠤᠨ ᠨᠠᠶᠢᠳᠠᠪᠤᠷᠢᠵᠢᠭᠤᠯᠬᠤ ᠲᠥᠷᠥᠯ ᠵᠦᠢᠯ ᠢ 100 ᠠᠴᠠ ᠳᠤᠲᠠᠭᠤ ᠥᠬᠡᠶ᠂ ᠬᠡᠯᠡᠯᠴᠡᠭᠡᠷ ᠤᠨ ᠵᠣᠭᠤᠰ ᠤᠨ ᠲᠤᠭ᠎ᠠ ᠶᠢ 1000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠣᠷᠣᠭᠤᠯᠤᠨ ᠠᠪᠴᠢᠷᠠᠵᠤ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠬᠡᠷᠡᠭᠯᠡᠭᠴᠢ ᠶᠢᠨ ᠰᠡᠳᠬᠢᠬᠦᠶ ᠶᠢ ᠴᠢᠩᠭᠠᠷᠠᠭᠤᠯᠵᠤ᠂ ᠰᠠᠭᠤᠷᠢᠰᠢᠭᠤᠯᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠠᠪᠴᠠᠩ ᠢ ᠰᠠᠶᠢᠲᠤᠷ ᠬᠡᠷᠡᠭᠯᠡᠵᠦ᠂ ᠬᠢᠨᠠᠨ ᠵᠥᠪᠰᠢᠶᠡᠷᠡᠬᠦ᠂ ᠪᠡᠯᠡ ᠲᠣᠬᠢᠷᠠᠭᠤᠯᠬᠤ ᠵᠡᠷᠭᠡ ᠪᠣᠭᠤᠮᠢ ᠬᠢᠵᠠᠭᠠᠷᠯᠠᠯ ᠢ ᠬᠠᠮᠤᠭ ᠤᠨ ᠲᠦᠷᠭᠡᠨ ᠬᠤᠷᠳᠤᠴᠠ ᠪᠠᠷ ᠰᠢᠢᠳᠪᠦᠷᠢᠯᠡᠨ᠎ᠡ᠃ ᠪᠣᠬᠢᠷᠲᠤᠯ ᠥᠬᠡᠶ ᠴᠠᠬᠢᠯᠭᠠᠨ ᠦᠨᠡᠮᠯᠡᠯ ᠤᠨ ᠠᠷᠠᠯᠵᠢᠶ᠎ᠠ ᠪᠠ ᠦᠯᠡᠳᠡᠭᠡᠯ ᠲᠠᠯᠠᠰᠲᠤ ᠴᠠᠬᠢᠭᠤᠷ ᠤᠨ ᠬᠡᠷᠡᠯ ᠴᠡᠨᠡᠭ ᠤᠨ ᠳᠠᠭᠠᠭᠠᠴᠠ ᠶᠢᠨ ᠰᠢᠨ᠎ᠡ ᠡᠨᠧᠷᠭᠢ ᠪᠠᠷ ᠣᠷᠣᠯᠠᠨ ᠮᠡᠳᠡᠭᠦᠯᠬᠦ ᠶᠢ ᠢᠳᠡᠪᠬᠢᠲᠡᠶ ᠵᠣᠬᠢᠴᠠᠭᠤᠯᠤᠨ ᠠᠬᠢᠭᠤᠯᠵᠤ᠂ ᠨᠣᠭᠤᠭᠠᠨ ᠴᠠᠬᠢᠯᠭᠠᠨ ᠤ ᠬᠡᠷᠡᠭᠯᠡᠯᠲᠡ ᠶᠢᠨ ᠬᠠᠷᠢᠴᠠᠯ ᠢ 40% ᠳᠤ ᠬᠦᠷᠦᠭᠦᠯᠬᠦ ᠪᠠᠷ ᠴᠢᠷᠮᠠᠶᠢᠵᠤ᠂ ᠪᠣᠬᠢᠷᠲᠤᠯ ᠥᠬᠡᠶ ᠴᠠᠬᠢᠯᠭᠠᠨ ᠢ ᠠᠵᠤ ᠠᠬᠤᠶᠢᠯᠠᠯ ᠤᠨ ᠬᠥᠭᠵᠢᠯᠲᠡ ᠶᠢᠨ ᠨᠢᠭᠡᠨ ᠮᠠᠩᠯᠠᠶᠢᠯᠠᠭᠤᠯᠤᠭᠰᠠᠨ ᠫᠠᠶᠢᠰᠠ ᠪᠣᠯᠭᠠᠨ᠎ᠠ᠃ ᠴᠢᠯᠥᠭᠡᠲᠦ ᠠᠷᠠᠯᠵᠢᠶᠠᠨ ᠤ ᠣᠷᠣᠨ ᠤ ᠪᠤᠭᠤᠲᠤ ᠶᠢᠨ ᠬᠡᠰᠡᠭ ᠤᠨ ᠭᠤᠶᠤᠴᠢᠯᠠᠨ ᠮᠡᠳᠡᠭᠦᠯᠬᠦ ᠠᠵᠢᠯ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠢᠨ᠎ᠡ ᠵᠠᠭᠪᠤᠷ ᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠳᠤᠮᠳᠠᠳᠤ ᠤᠯᠤᠰ ︵ᠪᠤᠭᠤᠲᠤ︶ ᠤᠨ ᠣᠯᠠᠨ ᠤᠯᠤᠰ ᠤᠨ ᠬᠠᠭᠤᠷᠠᠢ ᠳᠡᠭᠡᠷᠡᠬᠢ ᠲᠣᠨᠤᠭ ᠲᠥᠬᠦᠭᠡᠷᠦᠮᠵᠢ ᠶᠢᠨ ᠦᠵᠡᠰᠭᠦᠯᠡᠩ  ᠢ ᠪᠦᠬᠦ ᠬᠦᠴᠦᠨ ᠢᠶᠠᠷ ᠢᠶᠠᠨ ᠭᠤᠶᠤᠴᠢᠯᠠᠨ ᠡᠷᠬᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠣᠷᠣᠰ ᠲᠤ ᠬᠠᠨᠳᠤᠭᠤᠯᠤᠭᠰᠠᠨ ᠠᠷᠠᠯᠵᠢᠶᠠᠨ ᠤ ᠵᠠᠬ᠎ᠠ ᠳᠡᠯᠭᠡᠭᠦᠷ ᠢ ᠪᠤᠶᠢᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ︵ᠭᠤᠷᠪᠠ︶ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ      ᠨᠢᠭᠡ ᠳᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ ᠦᠢᠯᠡᠰ ᠤᠨ ᠬᠥᠭᠵᠢᠯᠲᠡ ᠵᠢᠨ‌‍ᠳᠠᠶᠢᠲ᠋ᠠ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ᠠᠵᠤ ᠦᠢᠯᠡᠰ ᠤᠨ ᠲᠣᠭᠠᠴᠢᠯᠠᠯᠲᠠ᠂ ᠲᠣᠭᠠᠴᠢᠯᠠᠭᠰᠠᠨ ᠠᠵᠤ ᠦᠢᠯᠡᠰᠵᠢᠯᠲᠡ ᠶᠢ ᠬᠦᠴᠦᠯᠡᠨ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ  ᠪᠠ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠲᠥᠰᠦᠪ ᠤᠨ ᠬᠠᠮᠢᠶᠠᠷᠤᠯᠲᠠ ᠶᠢᠨ ᠪᠠᠷᠢᠮᠵᠢᠶ᠎ᠠ ᠪᠠ ᠵᠢᠷᠤᠮᠵᠢᠯ ᠢ ᠨᠢᠭᠡᠳᠬᠡᠵᠦ᠂ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠳᠪᠦᠷᠢᠯᠡᠯ ᠲᠡᠰᠢ ᠪᠡᠯᠡ ᠣᠷᠣᠭᠤᠯᠬᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠭᠤᠤᠯ ᠦᠢᠯᠡᠰ ᠨᠢ ᠲᠣᠪᠤᠶᠢᠮ᠎ᠠ ᠠᠵᠤ ᠦᠢᠯᠡᠰ ᠤᠨ ᠪᠦᠯᠦᠭᠯᠡᠯ ᠢ ᠲᠦᠷᠭᠡᠳᠬᠡᠨ ᠪᠠᠶᠢᠭᠤᠯᠤᠨ᠎ᠠ᠃ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠠᠮᠢᠶᠠᠷᠤᠯᠲᠠ ᠶᠢᠨ ᠵᠥᠪᠯᠡᠯ ᠤᠨ ᠺᠣᠮᠫᠠᠨᠢ︾ ᠶᠢᠨ ᠠᠵᠢᠯᠯᠠᠭᠠᠨ ᠤ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ︽ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ ᠳᠦᠷᠢᠮ︾ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠴᠡᠷᠢᠭ ᠤᠨ ᠠᠵᠤ ᠦᠢᠯᠡᠳᠪᠦᠷᠢ᠂ ᠲᠠᠯᠠᠰᠲᠤ ᠴᠠᠬᠢᠭᠤᠷ ᠭᠡᠷᠡᠯ ᠴᠡᠨᠡᠭ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠠᠷᠠᠯᠵᠢᠶ᠎ᠠ ᠶᠢ ᠰᠠᠯᠭᠠᠬᠤ ᠶᠢ ᠴᠢᠩᠭ᠎ᠠ ᠠᠩᠬᠠᠷᠴᠤ᠂ ᠰᠠᠯᠪᠤᠷᠢ ᠪᠠᠶᠢᠭᠤᠯᠤᠮᠵᠢ ᠶᠢᠨ ᠬᠤᠪᠢᠷᠠᠭᠤᠯᠬᠤ ᠲᠤᠰᠠᠭᠠᠷ ᠬᠠᠤᠯᠢ ᠶᠢᠨ ᠡᠷᠬᠡᠲᠡᠨ ᠤ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠳᠤ ᠠᠰᠢᠭᠲᠠᠢ᠂ ᠦᠢᠯᠡᠳᠬᠦᠨ ᠤ ᠦᠷᠳᠡᠭ ᠲᠤ ᠭᠠᠶᠢᠯᠢ ᠲᠠᠲᠠᠪᠤᠷᠢ ᠳᠤ ᠠᠰᠢᠭᠲᠠᠢ ᠬᠤᠣᠰ ᠠᠮᠵᠢᠯᠲᠠ ᠶᠢ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠰᠦᠪᠡᠭᠴᠢᠯᠡᠨ ᠪᠠᠶᠢᠭᠤᠯᠤᠨ᠎ᠠ᠃ ᠪᠦᠬᠦ ᠤᠯᠤᠰ ᠤᠨ ᠤᠷᠤᠭ ᠬᠤᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ 3 ᠵᠢᠯ ᠤᠨ ᠰᠢᠯᠭᠠᠨ ᠠᠪᠬᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠵᠠᠯᠠᠭᠤᠴᠤᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠯᠠᠭᠤᠴᠤᠳ ᠤᠨ ᠤᠷᠢᠳᠠᠪᠠᠷ ᠬᠥᠭᠵᠢᠭᠦᠯᠬᠦ ᠰᠢᠨ᠎ᠡ ᠪᠠᠶᠢᠳᠠᠯ ᠢ ᠬᠦᠴᠦᠯᠡᠨ ᠪᠣᠶ ᠪᠣᠯᠭᠠᠨ᠎ᠠ᠃      ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠥᠨᠳᠥᠷ ᠡᠨᠧᠷᠭᠢ ᠶᠢᠨ ᠲᠡᠰ ᠤᠨ ᠰᠢᠨ᠎ᠡ ᠶᠢ ᠡᠭᠦᠳᠬᠦ ᠲᠠᠪᠴᠠᠩ ᠤᠨ ᠰᠢᠰᠲ᠋ᠧᠮ ᠢ ᠪᠠᠶᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠵᠤ᠂ ᠬᠤᠩ ᠶᠤᠸᠠᠨ ᠰᠢᠨ᠎ᠡ ᠮᠠᠲ᠋ᠧᠷᠢᠶᠠᠯ 5G ᠦᠢᠯᠡᠳᠪᠦᠷᠢ᠂ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠠᠴᠢᠯᠠᠭᠰᠠᠨ ᠦᠢᠯᠡᠳᠪᠦᠷᠢ ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ᠶᠢ ᠭᠦᠨᠵᠡᠭᠡᠶ ᠥᠷᠨᠢᠭᠦᠯᠵᠦ᠂ ᠬᠠᠳᠠᠭᠠᠯᠠᠯᠲᠠ ᠶᠢᠨ ᠬᠡᠮᠵᠢᠶ᠎ᠡ ᠪᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠡᠵᠡᠯᠡᠬᠦ ᠬᠠᠷᠢᠴᠠᠯ ᠢ ᠲᠣᠰ ᠲᠣᠰ 50% ᠪᠠ 65% ᠠᠴᠠ ᠳᠡᠭᠡᠭᠰᠢ ᠳᠤ ᠬᠦᠷᠭᠡᠨ᠎ᠡ᠃ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ  ᠲᠤᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠬᠡᠪ ᠳᠠᠭᠤᠷᠢᠶᠠᠯ ᠤᠨ ᠠᠵᠤ ᠠᠬᠤᠶᠢᠯᠠᠯ ᠢᠶᠠᠷ ᠮᠡᠳᠡᠭᠦᠯᠬᠦ ᠶᠢ ᠠᠬᠢᠭᠤᠯᠵᠤ᠂ ᠮᠧᠩ ᠨᠢᠦ ᠰᠦ ᠶᠢᠨ ᠦᠢᠯᠡᠰ ᠵᠡᠷᠭᠡ ᠠᠵᠤ ᠠᠬᠤᠶᠢᠯᠠᠯ ᠤᠨ ︽ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ︾᠂ ︽ᠤᠶᠤᠨᠴᠢᠯᠠᠨ ᠦᠢᠯᠡᠳᠬᠦ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ︾ ᠵᠡᠷᠭᠡ ᠤᠯᠤᠰ ᠤᠨ ᠲᠠᠰ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠤᠮᠠᠷᠠᠳᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠳᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ ᠠᠬᠢᠭᠤᠯᠤᠨ᠎ᠠ᠃ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠪᠠ ᠵᠠᠰᠠᠭ ᠰᠤᠷᠭᠠᠭᠤᠯᠢ ᠠᠵᠤ ᠠᠬᠤᠶᠢᠯᠠᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 100 ᠠᠴᠠ ᠳᠡᠭᠡᠭᠰᠢ ᠪᠤᠶᠢᠵᠢᠭᠤᠯᠤᠨ ᠲᠥᠪᠯᠡᠷᠡᠭᠦᠯᠦᠨ᠎ᠡ᠃ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠪᠠᠶᠢᠭᠤᠯᠬᠤ ᠶᠢ ᠠᠬᠢᠭᠤᠯᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ 20 ᠠᠴᠠ ᠳᠡᠭᠡᠭᠰᠢ ᠭᠤᠶᠤᠴᠢᠯᠠᠵᠤ᠂ ᠲᠦᠩ ᠵᠢᠶ ᠶᠡᠭᠡ ᠰᠤᠷᠭᠠᠭᠤᠯᠢ ᠶᠢᠨ ᠮᠡᠷᠭᠡᠵᠢᠯ ᠢ ᠰᠢᠯᠵᠢᠭᠦᠯᠬᠦ ᠲᠥᠪ ᠤᠨ ᠪᠤᠭᠤᠲᠤ ᠶᠢᠨ ᠬᠤᠪᠢᠶᠠᠷᠢ ᠲᠥᠪ᠂ ᠵᠧᠦ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠠᠬᠢᠮ ᠰᠤᠳᠤᠯᠤᠨ ᠨᠡᠭᠡᠭᠡᠬᠦ ᠵᠢᠴᠢ ᠬᠡᠷᠡᠭᠯᠡᠭᠡᠨ ᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠎ᠠ᠃ ᠲᠤᠨᠤᠭ ᠳᠥᠬᠦᠭᠡᠷᠦᠮᠵᠢ ᠶᠢᠨ ᠬᠦᠷᠢᠶᠡᠯᠡᠩ ᠲᠤᠭᠤᠷᠢᠭ ᠤᠨ ᠣᠯᠥᠰ ᠤᠨ ︽ᠬᠤᠶᠡᠷ ᠦᠢᠯᠡᠰ︾ ᠤᠨ ᠠᠭᠤᠰᠣᠯᠴᠠᠭᠤᠯᠬᠤ ᠲᠣᠷᠰᠢᠯᠳᠡ ᠶᠢᠨ ᠴᠡᠭ ᠢ ᠮᠡᠳᠡᠬᠦᠯᠬᠦ ᠶᠢ ᠠᠬᠢᠭᠤᠯᠥᠨ᠎ᠠ᠃ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠥᠨᠳᠦᠷᠯᠢᠭ ᠭᠠᠵᠠᠷ ᠢ ᠬᠦᠴᠦᠯᠡᠨ ᠪᠠᠶᠢᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠠᠵᠢᠯ ᠦᠢᠯᠡᠰ ᠤᠨ ᠣᠷᠣᠨ ᠲᠤᠭ᠎ᠠ ᠠᠵᠤ ᠠᠬᠤᠶᠢᠯᠠᠯ ᠤᠨ ᠬᠡᠷᠡᠭᠯᠡᠯᠲᠡ︾ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ︽1 + N︾ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠴᠢᠳᠠᠪᠤᠷᠢᠲᠠᠨ ᠤ ᠰᠡᠳᠬᠢᠯ ᠲᠠᠯᠪᠢᠵᠤ ᠪᠠᠶᠢᠭ᠎ᠠ ᠣᠷᠣᠨ ᠰᠠᠭᠤᠴᠠ᠂ ᠡᠮ ᠡᠮᠨᠡᠯᠭᠡ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠵᠡᠷᠭᠡ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃ ᠡᠯ᠎ᠡ ᠲᠥᠷᠥᠯ ᠤᠨ ᠴᠢᠳᠠᠪᠤᠷᠢᠲᠠᠨ ᠢ ᠣᠷᠣᠭᠤᠯᠵᠤ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠥᠭᠵᠢᠭᠦᠯᠵᠦ᠂ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠴᠤᠭᠯᠠᠷᠠᠭᠤᠯᠵᠤ᠂ ᠴᠢᠳᠠᠪᠤᠷᠢᠲᠠᠨ ᠢ ᠴᠤᠭᠯᠠᠭᠤᠯᠬᠤ ᠥᠨᠳᠦᠷᠯᠢᠭ ᠢ ᠬᠦᠴᠦᠯᠡᠨ ᠪᠠᠶᠢᠭᠤᠯᠤᠨ᠎ᠠ᠃      ᠭᠤᠷᠪᠠ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠨᠠᠷ ᠰᠠᠶᠢᠲᠠᠶ ᠬᠥᠭᠵᠢᠯᠲᠡ ᠶᠢᠨ ︽ᠠᠯᠲᠠᠨ ᠦᠰᠦᠭᠲᠦ ᠫᠠᠶᠢᠰᠠ︾ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠵᠢᠱᠢᠶ᠎ᠡ ᠦᠵᠡᠭᠦᠯᠬᠦ ᠣᠷᠣᠨ ᠢ ᠴᠥᠬᠦᠷᠡᠰᠢ ᠥᠬᠡᠶ ᠪᠣᠶ ᠪᠣᠯᠭᠠᠨ᠎ᠠ᠃ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ ᠶᠢ ᠨᠠᠷᠢᠯᠢᠭ ᠤᠨᠤᠪᠴᠢᠲᠠᠢ ᠢᠶᠠᠷ ᠰᠢᠨᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠡ ᠶᠠᠪᠤᠳᠠᠯ︾ ᠢ ᠰᠦᠯᠵᠢᠶᠡᠨ ᠳᠡᠭᠡᠷ᠎ᠡ ᠪᠥᠬᠦ ᠶᠠᠪᠤᠴᠠ ᠪᠠᠷ ᠭᠦᠢᠴᠡᠳᠭᠡᠬᠦ ᠶᠢ ᠠᠬᠢᠭᠤᠯᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠣᠶ ᠪᠣᠯᠭᠠᠵᠤ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠤᠨ ᠬᠡᠪᠴᠢᠶ᠎ᠡ ᠶᠢ ᠥᠷᠭᠡᠳᠬᠡᠨ᠂ ᠴᠢᠬᠤᠯᠠ ᠶᠡᠭᠡ ᠲᠥᠷᠥᠯ ᠵᠦᠢᠯ ᠤᠨ ︽ᠳᠤᠲᠠᠭᠤ ᠶᠢ ᠠᠭᠤᠴᠢᠯᠠᠵᠤ ᠬᠤᠶᠢᠨ᠎ᠠ ᠨᠢ ᠨᠥᠬᠦᠪᠥᠷᠢᠯᠡᠬᠦ︾ ᠲᠣᠭᠲᠠᠴᠠ ᠶᠢ ᠬᠡᠷᠡᠭᠵᠢᠭᠦᠯᠦᠨ᠎ᠡ᠃ ︽ᠬᠤᠶᠠᠷ ᠥᠴᠦᠬᠡᠨ ᠴᠦ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠠᠬᠢᠭᠤᠯᠤᠨ᠎ᠠ᠃ ︽ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ ᠦᠵᠡᠭᠦᠯᠵᠦ᠂ ᠮᠢᠩᠭᠠᠨ ᠬᠥᠮᠦᠨ ᠮᠢᠩᠭᠠᠨ ᠠᠵᠤ ᠠᠬᠤᠶᠢᠯᠠᠯ ᠢ ᠳᠡᠮᠵᠢᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠮᠠᠲ᠋ᠧᠷᠢᠶᠠᠯ ᠢ ᠳᠠᠭᠠᠭᠠᠴᠢᠯᠠᠨ ᠬᠡᠷᠡᠭᠯᠡᠬᠦ︾᠂ ︽ᠪᠤᠭᠤᠲᠦ ᠶᠢᠨ ᠮᠠᠲ᠋ᠧᠷᠢᠶᠠᠯ ᠢ ᠪᠤᠭᠤᠲᠦ ᠳᠤ ᠬᠡᠷᠡᠭᠯᠡᠬᠦ︾ ᠶᠢ ᠶᠡᠬᠡᠪᠡᠷ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠵᠦ᠂ ᠵᠠᠬᠢᠶᠠᠯᠠᠭ᠎ᠠ ᠶᠢᠨ ᠬᠠᠭᠤᠳᠠᠰᠤ ᠶᠢ ᠭᠦᠶᠦᠯᠭᠡᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠥᠩᠭᠡᠪᠲᠦᠷ ᠲᠣᠷᠭᠠᠬᠤ ᠠᠴᠠ ᠬᠡᠯᠲᠦᠷᠢᠭᠦᠯᠬᠦ ᠨᠠᠷᠢᠨ ᠲᠠᠩᠰᠠ ᠶᠢ ᠦᠷᠭᠦᠯᠵᠢᠯᠡᠨ ᠬᠡᠷᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ︽ᠲᠦᠢᠯ ᠤᠨ ᠳᠥᠭᠦᠮ ᠢᠶᠠᠷ ᠬᠢᠨᠠᠨ ᠵᠥᠪᠰᠢᠶᠡᠷᠡᠬᠦ︾ ᠶᠢ ᠰᠦᠪᠡᠭᠴᠢᠯᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠪᠠ ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠬᠥᠭᠵᠢᠭᠡᠵᠦ᠂ ︽ᠵᠢᠩᠬᠢᠨᠢ ᠠᠯᠳᠠ ᠮᠥᠩᠭᠦ︾ ᠪᠠᠷ ᠠᠵᠤ ᠠᠬᠤᠶᠢᠯᠠᠯ ᠤᠨ ᠬᠥᠩᠭᠡᠪᠲᠦᠷ ᠠᠴᠢᠶᠠᠯᠠᠬᠤ ᠳᠤ ᠬᠦᠴᠦᠨ ᠨᠡᠮᠡᠷᠢᠯᠡᠵᠦ᠂ ᠪᠡᠶ᠎ᠡ ᠪᠠᠷ ᠢᠶᠠᠨ ᠦᠢᠯᠡᠴᠢᠯᠡᠬᠦ ᠪᠠᠷ ᠠᠵᠤ ᠠᠬᠤᠶᠢᠯᠠᠯ ᠤᠨ ᠠᠩᠬᠠᠷᠤᠯ ᠢᠶᠠᠨ ᠲᠥᠪᠯᠡᠷᠡᠭᠦᠯᠦᠨ ᠤᠷᠤᠭᠰᠢᠯᠠᠬᠤ ᠶᠢ ᠬᠠᠮᠠᠭᠠᠯᠠᠵᠤ᠂ ︽ᠲᠠᠨ ᠳᠤ ᠲᠠᠭᠠᠰᠢᠶᠠᠭᠳᠠᠪᠠᠯ ᠰᠡᠳᠬᠢᠯ ᠬᠠᠨᠤᠮᠵᠢᠲᠠᠢ ᠪᠠᠶᠢᠬᠤ︾ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠦᠷᠦᠯ ᠲᠡᠮᠳᠡᠭ ᠢ ᠪᠦᠬᠦ ᠲᠠᠯ᠎ᠠ ᠪᠠᠷ ᠴᠣᠭᠴᠠᠯᠠᠨ᠎ᠠ᠃            ︵ᠲᠦᠷᠪᠡ︶ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢ ᠪᠦᠲᠦᠭᠡᠨ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ᠎ᠡ        ᠨᠢᠭᠡ ᠳᠤ ᠬᠤᠲᠠ ᠬᠥᠳᠡᠭᠡ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠲᠥᠯᠥᠪᠵᠢᠭᠦᠯᠬᠦ ︽ᠭᠤᠷᠪᠠᠨ ᠬᠢᠵᠠᠭᠠᠷᠯᠠᠬᠤ ᠱᠤᠭᠤᠮ︾ ᠢ ᠴᠢᠩᠭ᠎ᠠ ᠬᠠᠮᠢᠶᠠᠷᠤᠨ ᠡᠵᠡᠮᠳᠡᠵᠦ᠂ ᠬᠢᠵᠠᠭᠠᠷᠯᠠᠬᠤ ᠳᠦᠷᠢᠮ ᠤᠨ ᠨᠢᠭᠡᠴᠢ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠦᠨ᠎ᠡ᠃ ᠬᠤᠲᠠ ᠬᠥᠳᠡᠭᠡ ᠶᠢᠨ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 13 ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 179 ︽ᠬᠠᠪᠴᠢᠮᠠᠯ ᠬᠡᠷ ᠪᠠᠶᠢᠰᠢᠩ︾ ᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠡᠭᠦᠷᠭᠡ ᠶᠢ ᠪᠡᠶᠡᠯᠡᠭᠦᠯᠵᠦ᠂ ᠵᠢᠵᠢᠭ ᠲᠣᠭᠤᠷᠢᠭ ᠤᠨ ᠰᠢᠲᠠᠮᠠᠬᠠᠶ ᠬᠡᠶ ᠶᠢᠨ ᠬᠠᠭᠤᠴᠢᠨ ᠬᠤᠭᠤᠯᠠᠶ ᠶᠢᠨ ᠲᠣᠤᠷ ᠢ 240 ᠺᠢᠯᠤᠮᠧᠲᠷ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠤᠨ᠎ᠠ᠃ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠤᠨ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠭᠤᠴᠢᠨ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠠᠷᠠᠳ ᠣᠯᠠᠨ ᠢ ᠳᠤᠯᠠᠭᠠᠨ ᠪᠦᠯᠢᠶᠡᠨ ᠡᠪᠦᠯ ᠢ ᠦᠩᠭᠡᠷᠡᠭᠦᠯᠦᠨ᠎ᠡ᠃ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠠᠷᠮᠠᠨ ᠴᠡᠴᠡᠷᠯᠢᠭ᠂ ᠠᠭᠤᠳᠠᠮ ᠲᠠᠯᠠᠪᠠᠶ ᠶᠢ 8 ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 10 ᠵᠢᠵᠢᠭ ᠪᠢᠴᠢᠯ ᠦᠵᠡᠮᠵᠢ ᠶᠢ ᠪᠣᠶ ᠪᠣᠯᠭᠠᠵᠤ᠂ 18 ᠲᠦᠮᠡᠨ ᠲᠡᠭᠰᠢ ᠳᠥᠷᠪᠡᠯᠵᠢᠨ ᠮᠧᠲᠷ ᠰᠢᠷ᠎ᠠ ᠬᠥᠷᠥᠰᠥ ᠶᠢ ᠴᠡᠭᠴᠡᠯᠡᠨ ᠵᠠᠰᠠᠨ᠎ᠠ᠃ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ 500 ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ᠃ ᠺᠠᠶ ᠨᠧᠩ᠂ ᠾᠧᠩ ᠳ᠋ᠡ ᠰᠤᠷᠤᠯᠭ᠎ᠠ ᠶᠢᠨ ᠬᠤᠷᠢᠶ᠎ᠠ ᠠᠰᠠᠷ ᠢᠶᠠᠨ ᠲᠤᠰᠢᠶᠠᠬᠤ ᠠᠵᠢᠯ ᠢ ᠦᠷᠭᠦᠯᠵᠢᠯᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠲᠤᠰᠢᠶᠠᠨ ᠥᠭᠬᠦ ᠶᠢ ᠬᠦᠴᠦᠯᠡᠨ ᠪᠠᠲᠤᠯᠠᠵᠤ᠂ ︽ᠣᠷᠣᠰᠢᠨ ᠰᠠᠭᠤᠬᠤ ᠳᠤ ᠲᠣᠬᠢᠷᠠᠮᠵᠢᠲᠠᠶ ᠴᠢᠩᠱᠠᠨ︾ ᠤ ᠶᠠᠰᠤ ᠴᠢᠨᠠᠷ ᠢ ᠨᠠᠩ ᠭᠦᠢᠴᠡᠳ ᠪᠣᠯᠭᠠᠨ᠎ᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠬᠦᠴᠦᠯᠡᠨ ᠰᠠᠶᠢᠲᠤᠷ ᠠᠳᠬᠤᠵᠤ᠂ 2118 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠪᠦᠬᠦ ᠲᠤᠭᠤᠷᠢᠭ ᠤᠨ ᠬᠥᠳᠡᠭᠡ ᠲᠣᠰᠬᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃      ᠬᠤᠶᠠᠷ ᠲᠤ ᠬᠤᠲᠠ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠡᠷᠡᠭᠵᠢᠭᠦᠯᠦᠨ᠎ᠡ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠵᠠᠮ ᠳᠡᠭᠡᠷ᠎ᠡ ᠠᠵᠢᠯᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠴᠢᠩᠱᠠᠨ ᠤ ᠨᠣᠭᠤᠭᠠᠨ ᠦᠵᠡᠮᠵᠢ︾ ᠶᠢᠨ ᠣᠶᠤᠨᠴᠢ ᠬᠠᠮᠢᠶᠠᠷᠤᠯᠲᠠ ᠶᠢᠨ ᠲᠠᠪᠴᠠᠩ ᠤᠨ ᠴᠢᠳᠠᠮᠵᠢ ᠶᠢ ᠪᠠᠶᠠᠯᠢᠭᠵᠢᠭᠤᠯᠤᠨ ᠦᠷᠭᠡᠳᠭᠡᠨ᠎ᠡ᠃ ︽ᠬᠤᠲᠠ ᠶᠢᠨ ᠲᠣᠮᠣ ᠬᠠᠮᠢᠶᠠᠷᠤᠭᠴᠢ︾ ᠶᠢᠨ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠤᠶᠤᠨᠲᠤ ᠬᠤᠲᠠ ᠶᠢᠨ ᠲᠣᠭᠤᠷᠢᠭ ᠢ ᠲᠦᠷᠭᠡᠳᠬᠡᠨ ᠪᠠᠶᠢᠭᠤᠯᠵᠤ᠂ ᠲᠣᠮᠣ ᠳ᠋ᠠᠶᠢᠲ᠋ᠠ ᠶᠢ ᠵᠠᠰᠠᠬᠤ ᠪᠠ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠪᠡᠶᠡᠯᠡᠭᠦᠯᠵᠦ᠂ ᠬᠤᠲᠠ ᠶᠢᠨ ᠠᠵᠢᠯᠯᠠᠭᠠᠨ ᠢ ᠨᠠᠩ ᠣᠶᠤᠨ ᠤᠬᠠᠭᠠᠨ ᠨᠠᠩ ᠥᠨᠳᠥᠷ ᠪᠦᠲᠦᠮᠵᠢᠲᠡᠶ ᠪᠣᠯᠭᠠᠨ᠎ᠠ᠃ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠦᠷᠢᠨᠰᠢᠬᠦᠯᠵᠦ᠂ ᠵᠢᠵᠢᠭ ᠲᠣᠭᠤᠷᠢᠭ ᠤᠨ ︽ᠰᠠᠭᠤᠯᠠᠭ᠎ᠠ ᠶᠢ ᠬᠠᠰᠤᠵᠤ ᠨᠡᠶᠢᠯᠡᠭᠦᠯᠬᠦ︾ ᠶᠢ ᠦᠷᠭᠦᠯᠵᠢᠯᠡᠨ ᠬᠡᠷᠡᠭᠵᠢᠭᠦᠯᠵᠦ᠂ ᠣᠶᠤᠨᠴᠢ ᠪᠠᠷ ᠡᠭᠡᠭᠦᠯᠦᠨ ᠬᠤᠷᠢᠶᠠᠬᠤ ᠲᠥᠬᠦᠭᠡᠷᠦᠮᠵᠢ ᠶᠢ ᠦᠷᠭᠦᠯᠵᠢᠯᠡᠨ ᠲᠠᠯᠪᠢᠵᠤ᠂ ᠵᠡᠭᠡᠯᠢ ᠳᠠᠭᠠᠤ ᠶᠢᠨ ᠳᠡᠯᠭᠡᠭᠦᠷ ᠤᠨ ᠭᠠᠳᠠᠨᠠᠬᠢ ᠬᠤᠭᠤᠯᠠᠨ ᠬᠡᠷ ᠤᠨ ᠬᠤᠭ ᠨᠣᠪᠰᠢ ᠶᠢᠨ ᠰᠠᠪᠠ ᠶᠢ ᠵᠢᠷᠤᠮᠵᠢᠭᠤᠯᠤᠨ ᠴᠡᠭᠴᠡᠯᠡᠨ ᠵᠠᠰᠠᠬᠤ ᠶᠢ ᠴᠢᠩᠭᠠᠳᠬᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠪᠢᠰᠬᠠᠯᠲᠤ ᠠᠳᠠᠯ ᠠᠬᠤᠶ ᠶᠢᠨ ᠵᠣᠬᠢᠶᠠᠨ ᠪᠠᠶᠢᠭᠤᠯᠤᠯᠲᠠ᠂ ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠠᠵᠢᠯ ᠦᠢᠯᠡᠰ ᠤᠨ ᠺᠣᠮᠢᠰ ᠢᠶᠠᠷ ᠪᠦᠬᠦᠨ ᠢ ᠬᠠᠮᠤᠷᠤᠭᠤᠯᠬᠤ ︽ᠭᠤᠷᠪᠠᠨ 100% ᠠᠵᠢᠯᠯᠠᠭ᠎ᠠ︾ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠳᠤ ᠡᠨᠧᠷᠭᠢ ᠣᠯᠭᠤᠵᠤ ᠦᠷ᠎ᠡ ᠠᠰᠢᠭ ᠢ ᠨᠡᠮᠡᠭᠳᠡᠭᠦᠯᠦᠨ᠎ᠡ᠃ ᠢᠳᠡᠭᠡᠨ ᠤᠮᠳᠠᠭᠠᠨ ᠤ ᠦᠢᠯᠡᠰ ᠤᠨ ᠲᠣᠰᠣ ᠤᠲᠤᠭᠠᠨ ᠤ ᠪᠣᠬᠢᠷᠲᠤᠯ ᠢ ᠵᠠᠰᠠᠬᠤ᠂ ᠰᠢᠷᠠᠯᠭ᠎ᠠ ᠶᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠠᠰ ᠳᠡᠪᠰᠢᠬᠦ ᠶᠢ ᠠᠬᠢᠭᠤᠯᠤᠨ᠎ᠠ᠃ ︽ᠵᠤᠭᠠᠴᠠᠭᠰᠠᠳ ᠨᠥᠬᠦᠷᠰᠡᠭ ᠬᠡᠯᠪᠡᠷᠢ ᠶᠢᠨ ᠬᠤᠲᠠ ᠶᠢ ᠪᠠᠶᠢᠭᠤᠯᠬᠤ︾ ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠬᠠᠮᠢᠶᠠᠷᠤᠭᠴᠢ ᠶᠢᠨ ᠰᠡᠳᠬᠢᠬᠦᠶ︾ ᠶᠢ ᠡᠷᠡᠰ ᠲᠠᠶᠠᠭᠳᠠᠵᠤ᠂ ᠤᠶᠠᠨ ᠬᠠᠲᠠᠨ ᠴᠢᠨᠠᠷᠲᠠᠶ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ᠂ ᠪᠣᠯᠪᠠᠰᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠣᠯᠪᠠᠰᠤᠨ ᠢ ᠴᠢᠩᠱᠠᠨ ᠤ ᠬᠠᠮᠤᠭ ᠤᠨ ᠭᠤᠶᠤ ᠦᠵᠡᠮᠵᠢ ᠪᠤᠯᠭᠠᠨ᠎ᠠ᠃      ᠭᠤᠷᠪᠠ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠭᠡ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠢ ᠠᠳᠬᠤᠨ ᠪᠠᠲᠤ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠰᠢᠯᠭᠠᠨ ᠪᠠᠶᠢᠴᠠᠭᠠᠬᠤ ᠶᠢ ᠤᠭᠲᠤᠬᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠢ ᠪᠦᠬᠦ ᠲᠠᠯ᠎ᠠ ᠪᠠᠷ ᠴᠠᠭ ᠲᠤᠬᠠᠢ ᠳᠤᠨᠢ ᠬᠢᠨᠠᠨ ᠡᠵᠡᠮᠳᠡᠬᠦ᠂ ᠤᠨᠢᠨ ᠳᠡᠭᠡᠷ᠎ᠡ ᠨᠢ ᠰᠡᠷᠭᠡᠶᠢᠯᠡᠨ ᠵᠠᠰᠠᠬᠤ ᠶᠢ ᠬᠡᠷᠡᠭᠵᠢᠭᠦᠯᠵᠦ᠂ PM2.5᠂ PM10 ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠶᠢ ᠪᠡᠶᠡᠯᠡᠭᠦᠯᠦᠨ᠎ᠡ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠤᠶᠠᠳᠤᠭᠠᠷ ᠴᠠᠬᠢᠯᠭᠠᠨ ᠦᠢᠯᠡᠳᠪᠦᠷᠢ ᠶᠢᠨ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠡᠬᠢᠯᠡᠭᠦᠯᠦᠨ᠎ᠡ᠃ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠶᠢ ᠶᠡᠷᠦᠩᠬᠡᠶᠢᠯᠡᠨ ᠵᠠᠰᠠᠬᠤ 21 ᠰᠠᠷ᠎ᠠ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ ᠴᠢᠨᠳᠠᠭᠠᠨ ᠴᠠᠭᠠᠨ ᠭᠤᠤᠯ ᠤᠨ ᠦᠶᠡᠷ ᠤᠨ ᠭᠤᠤ ᠶᠢ ᠶᠡᠷᠦᠩᠬᠡᠶᠢᠯᠡᠨ ᠵᠠᠰᠠᠬᠤ᠂ ᠬᠤᠶᠢᠲᠤ ᠲᠡᠭᠦᠷᠭᠡ ᠶᠢᠨ ᠦᠶᠡᠷ ᠢ ᠬᠠᠰᠢᠵᠤ ᠤᠰᠤ ᠬᠠᠳᠠᠭᠠᠯᠠᠬᠤ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠪᠠᠷᠢᠮᠵᠢᠶᠠᠲᠤ ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠬᠥᠷᠥᠰᠥ ᠰᠢᠷᠣᠶ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠤᠢ ᠰᠢᠭᠤᠶ ᠶᠢᠨ ᠳᠠᠷᠤᠭ᠎ᠠ ᠶᠢᠨ ᠲᠦᠷᠢᠮ ᠢ ᠨᠠᠷᠢᠨ ᠨᠠᠶᠢᠳᠠᠪᠤᠷᠢᠵᠢᠭᠤᠯᠵᠤ᠂ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠥᠨᠳᠥᠷ ᠪᠠᠷᠢᠮᠵᠢᠶ᠎ᠠ ᠪᠠᠷ ᠣᠶᠢᠵᠢᠭᠤᠯᠵᠤ ᠨᠣᠭᠤᠭᠠᠷᠠᠭᠤᠯᠵᠤ ᠥᠷᠭᠡᠨ ᠨᠣᠭᠤᠭᠠᠨ ᠢᠨᠵᠧᠨᠧᠷᠢᠩ ᠢ ᠠᠬᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠢ ᠨᠣᠭᠤᠭᠠᠷᠠᠭᠤᠯᠵᠤ ᠤᠢ ᠰᠢᠭᠤᠢ ᠶᠢ 4.7 ᠲᠦᠮᠡᠨ ᠮᠦ ᠠᠷᠠᠴᠢᠯᠠᠨ ᠪᠤᠶᠢᠵᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠵᠠᠮ ᠪᠠᠶᠢᠭᠤᠯᠬᠤ ᠮᠠᠲ᠋ᠧᠷᠢᠶᠠᠯ ᠢ ᠰᠤᠳᠤᠯᠤᠨ ᠨᠡᠭᠡᠭᠡᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ᠂ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠡᠬᠢᠯᠡᠭᠦᠯᠵᠦ᠂ ᠬᠠᠶᠠᠭᠳᠠᠮᠠᠯ ᠪᠣᠳᠠᠰ ᠢ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠳᠠᠷᠤᠭᠠᠰᠤ ᠪᠠᠨ ᠡᠳ᠋ ᠪᠠᠶᠠᠯᠢᠭ ᠪᠣᠯᠭᠠᠨ ᠬᠤᠪᠢᠷᠠᠭᠤᠯᠤᠨ᠎ᠠ᠃ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ ᠰᠢᠢᠳᠪᠦᠷᠢᠯᠡᠵᠦ ᠬᠠᠩᠭᠠᠬᠤ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠬᠢᠨᠲᠠ ᠤᠰᠤ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠨ᠂ ᠳᠤᠰᠤᠯ ᠤᠰᠤ ᠨᠢᠭᠡᠪᠦᠷᠢ ᠶᠢ ᠨᠠᠩ ᠶᠡᠭᠡ ᠳᠠᠯᠳᠠ ᠴᠢᠳᠠᠪᠤᠷᠢ ᠶᠢ ᠪᠠᠳᠠᠷᠠᠭᠤᠯᠤᠨ᠎ᠠ᠃      ︵ᠲᠠᠪᠤ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠪᠤᠶᠠᠨ ᠦᠢᠯᠡᠳᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ      ᠨᠢᠭᠡ ᠳᠤ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠲᠤᠯᠠᠭ᠎ᠠ ᠶᠢᠨ ᠲᠠᠪᠴᠠᠩ ᠢ ᠪᠠᠶᠢᠭᠤᠯᠵᠤ᠂ ᠠᠵᠢᠯ ᠣᠯᠭᠤᠬᠤ ᠠᠵᠢᠯ ᠤᠨ ᠪᠠᠶᠢᠷᠢ ᠶᠢ 2.5 ᠲᠦᠮᠡ ᠠᠴᠠ ᠳᠡᠭᠡᠭᠰᠢ ᠬᠠᠩᠭᠠᠵᠤ᠂ 6000 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠭᠤᠯᠲᠠ ᠶᠢ ᠠᠬᠢᠭᠤᠯᠵᠤ᠂ ᠠᠵᠢᠯ ᠠᠯᠳᠠᠯᠲᠠ ᠶᠢᠨ ᠳᠠᠬᠢᠨ ᠠᠵᠢᠯ ᠣᠯᠭᠤᠯᠲᠠ ᠶᠢ 2300 ᠬᠥᠮᠦᠨ ᠠᠴᠠ ᠳᠡᠭᠡᠭᠰᠢ ᠪᠣᠯᠭᠠᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠵᠤ᠂ 5000 ᠲᠦᠮᠡᠨ ᠲᠥᠭᠦᠷᠢᠭ ᠠᠴᠠ ᠳᠡᠭᠡᠭᠰᠢ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠲᠠᠯᠪᠢᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ 6000 ᠬᠥᠮᠦᠨ ᠠᠴᠠ ᠳᠡᠭᠡᠭᠰᠢ ᠥᠷᠭᠡᠳᠬᠡᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ᠂ ᠣᠨᠴᠠ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ᠂ ᠨᠢᠭᠦᠯᠡᠰᠦᠩᠭᠦᠢ ᠪᠠᠷ ᠠᠪᠤᠷᠠᠨ ᠲᠤᠰᠠᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠬᠦᠴᠢᠷᠳᠡᠯ ᠳᠤ ᠲᠤᠯᠭᠠᠷᠠᠭᠰᠠᠨ ᠰᠠᠭᠤᠭᠠᠯᠢ ᠠᠷᠠᠳ ᠨᠢᠭᠡᠪᠦᠷᠢ ᠳᠤ ᠴᠥᠮ ᠬᠠᠶᠢᠷ᠎ᠠ ᠬᠠᠯᠠᠮᠵᠢ ᠬᠦᠷᠲᠡᠭᠡᠨ᠎ᠡ᠃ ᠲᠤᠭᠤᠷᠢᠭ ᠤᠨ ᠲᠡᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠢ ᠪᠠᠶᠢᠭᠤᠯᠵᠤ᠂ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ 24 ᠴᠠᠭ ᠤᠨ ᠠᠦ᠋ᠲ᠋ᠣ᠋ ᠡᠮ ᠬᠤᠳᠠᠯᠳᠤᠬᠤ ᠮᠠᠰᠢᠨ ᠢ ᠤᠭᠰᠠᠷᠠᠬᠤ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠠᠷᠠᠳ ᠢ ᠰᠥᠨᠢ ᠪᠠᠷ ᠡᠮ ᠬᠤᠳᠠᠯᠳᠤᠨ ᠠᠪᠬᠤ ᠳᠤ ᠳᠦᠭᠦᠮ᠂ ᠰᠠᠨᠠᠭ᠎ᠠ ᠵᠣᠪᠠᠭ᠋ᠤ ᠦᠭᠡᠢ ᠪᠣᠯᠭᠠᠨ᠎ᠠ᠃ ᠡᠯ᠎ᠠ ᠳᠥᠷᠦᠯ ᠤᠨ ᠡᠵᠡᠩᠨᠡᠯᠳᠡ ᠶᠢᠨ ᠭᠤᠤᠯ ᠴᠣᠠᠠᠴᠠ ᠪᠠ ᠨᠡᠶᠢᠭᠡᠮ ᠤᠨ ᠵᠤᠬᠢᠶᠡᠨ ᠪᠠᠶᠢᠭᠤᠯᠥᠯᠳᠡ ᠶᠢᠨ ᠦᠢᠯᠡᠳᠣᠯ ᠢ ᠬᠦᠢᠴᠡᠳ ᠪᠠᠳᠡᠷᠡᠭᠤᠯᠵᠦ᠂ ᠲᠣᠠᠠᠳ᠋ᠬᠠᠰᠠᠨ᠂ ᠣᠯᠡᠨ ᠡᠰᠢᠵᠢᠬᠦᠯᠥᠭᠰᠡᠨ ᠨᠠᠰᠣᠵᠢᠯ ᠤᠨ ᠦᠢᠯᠡᠴᠢᠯᠡᠬᠡᠨ ᠢ ᠰᠦᠪᠡᠭᠴᠢᠯᠡᠨ ᠭᠡᠷᠡᠭᠵᠢᠬᠦᠯᠵᠦ᠂ ᠮᠦᠡᠭᠬᠦᠨ ᠬᠦᠢᠯᠬᠡᠬᠡᠡ ᠤ ᠠᠵᠦ ᠠᠬᠤᠢ ᠶᠢᠨ ᠬᠦᠭᠵᠢᠨ ᠪᠤᠵᠠᠭᠠᠶᠢᠷᠬᠠᠥ ᠶᠢ ᠬᠠᠮᠳᠣᠪᠡᠷ ᠠᠬᠢᠭᠤᠯᠥᠨ᠎ᠠ᠃ ᠡᠮᠴᠢᠯᠡᠭᠡ ᠨᠠᠰᠤᠵᠢᠯ ᠢ ᠤᠶᠠᠯᠳᠤᠭᠤᠯᠬᠤ ᠶᠢ ᠭᠦᠨᠵᠡᠭᠡᠶ ᠠᠬᠢᠭᠤᠯᠵᠤ᠂ ᠴᠢᠩᠱᠠᠨ ᠤ ᠠᠰᠠᠷᠠᠵᠤ ᠬᠠᠮᠠᠭᠠᠯᠠᠬᠤ ᠬᠦᠷᠢᠶᠡᠯᠡᠩ ᠤᠨ ᠡᠵᠡᠩᠨᠡᠯᠲᠡ ᠶᠢᠨ ᠶᠠᠰᠤ ᠴᠢᠨᠠᠷ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠦᠨ᠂ ᠲᠠᠪᠤᠨ ᠣᠳᠣᠨ ᠲᠠᠰ ᠤᠨ ᠨᠠᠰᠤᠵᠢᠯ ᠤᠨ ᠦᠢᠯᠡᠴᠢᠯᠡᠭᠡᠨ ᠤ ᠦᠯᠢᠭᠡᠷ ᠵᠠᠭᠪᠤᠷ ᠢ ᠡᠭᠦᠳᠴᠦ᠂ ᠪᠦᠬᠦ ᠤᠯᠤᠰ ᠤᠨ ᠡᠮᠴᠢᠯᠡᠭᠡ ᠨᠠᠰᠤᠵᠢᠯ ᠢ ᠤᠶᠠᠯᠳᠤᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠡᠭᠦᠳᠦᠨ᠎ᠡ᠃ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠲᠣᠭᠤᠷᠢᠭ ︵ᠲᠣᠰᠬᠤᠨ︶ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠤᠨ ᠡᠵᠡᠩᠨᠡᠯᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠳᠡᠭᠡᠷ᠎ᠡ ᠬᠠᠭᠠᠰ ᠵᠢᠯ ᠳᠤ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠤᠨ ᠪᠦᠷᠬᠦᠴᠡ ᠶᠢᠨ ᠨᠣᠷᠮ᠎ᠠ᠂ ᠡᠵᠡᠩᠨᠡᠯᠲᠡ ᠶᠢᠨ ᠨᠣᠷᠮ᠎ᠠ ᠶᠢ 100% ᠳᠤ ᠬᠦᠷᠦᠭᠦᠯᠬᠦ ᠪᠠᠷ ᠴᠢᠷᠮᠠᠶᠢᠵᠤ᠂ ︽ᠪᠠᠶᠠᠷ ᠪᠠᠶᠠᠰᠬᠤᠯᠠᠩ ᠲᠠᠢ ᠪᠠᠷ ᠴᠢᠩᠱᠠᠨ ᠳᠤ ᠠᠰᠠᠷᠠᠬᠤ︾ ᠶᠢ ᠴᠢᠩᠱᠠᠨ ᠠᠷᠠᠳ ᠤᠨ ᠠᠮᠢᠳᠤᠷᠠᠯ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠭᠠᠨ᠎ᠠ᠃      ᠬᠤᠶᠠᠷ ᠲᠤ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠬᠦᠴᠦᠯᠡᠨ ᠪᠠᠶᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠵᠢᠯ ᠤᠨ ᠳᠣᠲᠣᠷ᠎ᠠ ᠵᠤᠯ ᠵᠢᠷᠭᠠᠯᠲᠦ ᠡᠮᠦᠨ᠎ᠡ ᠵᠠᠮ ᠤᠨ  ᠨᠢᠭᠡᠳᠦᠭᠡᠷ ᠪᠠᠭ᠎ᠠ ᠰᠤᠷᠭᠠᠭᠤᠯᠢ ᠶᠢᠨ ᠬᠤᠶᠢᠲᠤ ᠲᠣᠭᠤᠷᠢᠭ᠂ ᠴᠢᠩᠱᠠᠨ ᠨᠢᠭᠡᠳᠦᠭᠡᠷ ᠳᠤᠮᠳᠠᠳᠤ ᠰᠤᠷᠭᠠᠭᠤᠯᠢ ︵ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ︶ ᠶᠢᠨ ᠾᠧᠩ ᠳ᠋ᠠ ᠶᠤᠸᠠᠢ ᠹᠦ᠋ ᠶᠡᠭᠡ ᠰᠤᠷᠭᠠᠭᠤᠯᠢ ᠶᠢᠨ ᠲᠣᠭᠤᠷᠢᠭ᠂ 202 ᠴᠥᠮ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠡᠤᠬᠡᠳ ᠤᠨ ᠴᠡᠴᠡᠷᠯᠢᠭ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠵᠡᠭᠦᠨ ᠬᠡᠰᠡᠭ ᠤᠨ ᠣᠷᠣᠨ ᠪᠦᠰᠡ ᠶᠢᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠤᠭᠤᠲᠤ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠴᠢᠩᠱᠠᠨ ᠨᠢᠭᠡᠳᠦᠭᠡᠷ ᠳᠤᠮᠳᠠᠳᠤ ᠰᠤᠷᠭᠠᠭᠤᠯᠢ ︵ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ︶ ᠶᠢᠨ ᠰᠤᠷᠭᠠᠭᠤᠯᠢ ᠶᠢᠨ ᠲᠣᠭᠤᠷᠢᠭ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠶᠢ ᠰᠦᠪᠡᠭᠴᠢᠯᠡᠨ ᠠᠬᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠠᠩ ᠴᠢᠩᠭ᠎ᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭ ᠲᠠᠢ ᠣᠯᠠᠨ ᠶᠠᠩᠵᠤᠴᠢᠯᠠᠭᠰᠠᠨ ᠰᠤᠷᠭᠠᠭᠤᠯᠢ ᠡᠷᠬᠢᠯᠡᠬᠦ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠴᠢᠨᠠᠷ ᠰᠠᠶᠢᠲᠠᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠤᠶᠤᠴᠢᠯᠠᠨ ᠮᠡᠳᠡᠭᠦᠯᠵᠦ᠂ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠴᠤ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠬᠦ ᠶᠢ ᠦᠨᠡᠨᠬᠦ  ᠪᠠᠲᠤᠯᠠᠨ᠎ᠠ᠃ ᠰᠢᠯᠢᠳᠡᠭ ᠪᠠᠭᠰᠢ ᠶᠢ ᠦᠷᠭᠦᠯᠵᠢᠯᠡᠨ 300 ᠠᠴᠠ ᠳᠡᠭᠡᠭᠰᠢ ᠡᠯᠰᠡᠨ ᠠᠪᠴᠢᠷᠠᠵᠤ᠂ ᠨᠢᠭᠡ ᠪᠦᠯᠦᠭ ᠨᠠᠷᠠᠲᠤ ᠪᠠᠭᠰᠢ᠂ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ ᠢ ᠪᠥᠲᠥᠭᠡᠨ ᠪᠠᠶᠢᠭᠤᠯᠵᠤ᠂ ᠨᠠᠷᠠᠲᠤ ᠪᠠᠭᠰᠢ᠂ ᠨᠠᠷᠠᠲᠤ ᠰᠤᠷᠭᠠᠭᠤᠯᠢ ᠶᠢᠨ ᠵᠠᠬᠢᠷᠤᠯ ᠢ ᠪᠠᠭᠰᠢ ᠶᠢᠨ ᠬᠥᠭᠵᠢᠯᠲᠡ ᠶᠢᠨ ᠭᠡᠷᠡᠯᠲᠦ ᠴᠠᠮᠬᠠᠭ ᠪᠣᠯᠭᠠᠨ᠎ᠠ᠃ ᠡᠮᠴᠢᠯᠡᠭᠡᠨ ᠤ ᠥᠨᠳᠦᠷᠯᠢᠭ ᠭᠠᠵᠠᠷ ᠢ ᠬᠦᠴᠦᠯᠡᠨ ᠪᠠᠶᠢᠭᠤᠯᠵᠤ᠂ ᠪᠤᠭᠤᠲᠤ ᠶᠢᠨ ᠡᠮᠨᠡᠯᠭᠡ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠬᠢᠭᠡᠳ 202 ᠡᠮᠨᠡᠯᠭᠡ ᠶᠢᠨ ᠬᠤᠷᠢᠶ᠎ᠠ ᠶᠢ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ ᠢ ᠪᠠᠶᠢᠭᠤᠯᠬᠤ ᠶᠢ ᠠᠬᠢᠭᠤᠯᠵᠤ᠂ ᠲᠤᠭᠤᠷᠢᠭ ᠤᠨ ᠬᠠᠷᠢᠶ᠎ᠠ ᠪᠥᠬᠦᠶ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠲᠥᠬᠦᠭᠡᠷᠦᠮᠵᠢ ᠶᠢ ᠰᠢᠨᠡᠳᠬᠡᠵᠦ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ 24 ᠴᠠᠭ ᠤᠨ ᠡᠮᠴᠢᠯᠡᠭᠡᠨ ᠤ ᠳᠠᠭᠠᠳᠬᠠᠯ ᠤᠨ ᠠᠦ᠋ᠲ᠋ᠣ᠋ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠡᠮᠴᠢᠯᠡᠭᠡᠨ ᠤ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠪᠡᠭᠡᠵᠢᠩ ᠤᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠲᠠᠢ ᠥᠨᠳᠥᠷ ᠪᠦᠲᠦᠮᠵᠢᠲᠡᠢ ᠵᠣᠯᠭᠠᠭᠤᠯᠵᠤ᠂ ᠨᠡᠩ ᠤᠯᠠᠨ ᠰᠢᠯᠢᠳᠡᠭ ᠡᠮᠴᠢᠯᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠷᠠᠳ ᠤᠯᠠᠨ ᠢ ᠭᠡᠷ ᠤᠨ ᠡᠭᠦᠳᠡᠨ ᠳᠤ ︽ᠰᠠᠶᠢᠨ ᠡᠮᠨᠡᠯᠭᠡ︾ ᠬᠢᠯᠭᠡᠨ᠎ᠡ᠃ ᠰᠣᠶᠣᠯ ᠤᠨ ᠥᠨᠳᠦᠷᠯᠢᠭ ᠢ ᠬᠦᠴᠦᠯᠡᠨ ᠪᠠᠶᠢᠭᠤᠯᠵᠤ᠂ ︽ᠨᠢᠭᠡ ᠲᠥᠪ ᠭᠤᠷᠪᠠᠨ ᠬᠤᠳᠠ ᠨᠢᠭᠡ ᠭᠠᠵᠠᠷ︾ ᠤᠨ ᠠᠵᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠳ᠋ᠦᠩ ᠳ᠋ᠠ ᠱᠠᠨ ᠤᠷᠠᠯᠢᠭ ᠤᠨ ᠲᠣᠭᠤᠷᠢᠭ ᠢ ᠳᠡᠮᠵᠢᠬᠦ ᠡᠷᠴᠢᠮ ᠢ ᠴᠢᠩᠭᠠᠷᠠᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠤ ︽798︾ ᠶᠢ ᠪᠤᠢ ᠪᠤᠯᠭᠠᠨ᠎ᠠ᠃ ᠵᠣᠨ ᠤ ᠠᠮᠠᠷᠠᠯᠲᠠ ᠶᠢᠨ ᠬᠤᠭᠤᠴᠠᠭᠠᠨ ᠳᠤ ᠭᠡᠷ ᠤᠨ ᠭᠠᠳᠠᠨᠠᠬᠢ ᠲᠣᠮᠣ ᠬᠡᠯᠪᠡᠷᠢ ᠶᠢᠨ ᠳᠠᠭᠤᠤ ᠬᠥᠭᠵᠢᠮ ᠤᠨ ᠠᠵᠢᠯᠯᠠᠭ᠎ᠠ ᠶᠢ 30 ᠠᠴᠠ ᠳᠡᠭᠡᠭᠰᠢ ᠲᠠᠯᠠᠪᠤᠷ ᠡᠷᠭᠢᠯᠡᠵᠦ᠂ ᠪᠤᠬ᠎ᠠ ᠲᠡᠷᠭᠡᠨ ᠤ ᠭᠤᠯᠭᠤᠭᠤᠷ ᠳᠠᠭᠤᠤ ᠬᠥᠭᠵᠢᠮ ᠤᠨ ᠭᠠᠷᠠᠭ ᠤᠨ ᠨᠠᠷᠠᠲᠤ ᠲᠡᠮᠳᠡᠭᠲᠦ ᠶᠢᠨ ᠦᠢᠯᠡᠳᠦᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠷᠠᠯ ᠦᠵᠡᠰᠬᠦᠯᠡᠩ ᠤᠨ ᠲᠥᠪ᠂ ᠲᠣᠮᠣ ᠵᠦᠵᠦᠭᠡ ᠶᠢᠨ ᠬᠦᠷᠢᠶᠡᠯᠡᠩ ᠳᠤ ᠪᠦᠬᠦ ᠵᠢᠯ ᠳᠤ ᠲᠣᠭᠯᠠᠯᠲᠠ ᠭᠠᠷᠭᠠᠵᠤ᠂ ᠦᠵᠡᠰᠬᠦᠯᠡᠩ ᠤᠨ ᠴᠤᠭᠯᠠᠭᠠᠨ ᠢ ᠪᠠᠭ᠎ᠠ  ᠲᠠᠭᠠᠨ 260 ᠤᠳᠠᠭ᠎ᠠ ᠡᠷᠬᠢᠯᠡᠨ᠎ᠡ᠃ ᠣᠨᠴᠠᠯᠢᠭᠲᠤ ᠳᠠᠭᠤᠤ ᠬᠥᠭᠵᠢᠮ ᠤᠨ ᠵᠢᠵᠢᠭ ᠪᠠᠯᠭᠠᠰᠤ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠴᠢᠩᠭᠠᠳᠬᠠᠵᠤ᠂ ᠨᠢᠭᠡ ᠪᠦᠯᠦᠭ ᠴᠢᠩᠱᠠᠨ ᠤ ᠣᠨᠴᠠᠯᠢᠭ ᠲᠠᠢ᠂ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠢ ᠳᠡᠯᠭᠡᠨ ᠦᠵᠡᠭᠦᠯᠬᠦ᠂ ᠣᠯᠠᠨ ᠲᠦᠮᠡᠨ ᠤ ᠳᠤᠷ᠎ᠠ ᠪᠠᠬ᠎ᠠ ᠶᠢ ᠶᠡᠬᠡᠳᠡ ᠲᠠᠲᠠᠭᠰᠠᠨ᠂ ᠴᠢᠩᠱᠠᠨ ᠤ ᠢᠮ ᠲᠠᠮᠠᠭ᠎ᠠ ᠶᠢ ᠰᠡᠶᠢᠯᠦᠭᠰᠡᠨ ᠰᠣᠶᠣᠯ ᠤᠨ IP ᠶᠢ ᠴᠢᠷᠮᠠᠶᠢᠨ ᠪᠤᠢ ᠪᠣᠯᠭᠠᠨ᠎ᠠ᠃ ᠥᠨᠳᠥᠷ ᠬᠡᠪ ᠪᠣᠯᠪᠠᠰᠤᠷᠠᠯ ᠲᠠᠢ ᠰᠣᠶᠣᠯ ᠤᠨ ᠴᠢᠳᠠᠪᠤᠷᠢᠲᠠᠨ ᠤ ᠡᠩᠨᠡᠭᠡ᠂ ᠦᠨᠳᠦᠰᠦᠨ ᠱᠠᠲᠤᠨ ᠤ ᠰᠣᠶᠣᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠳᠬ᠎ᠠ ᠵᠣᠬᠢᠶᠠᠯ ᠤᠷᠠᠯᠢᠭ ᠤᠨ ᠵᠣᠬᠢᠶᠠᠨ ᠪᠦᠲᠦᠭᠡᠬᠦ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠰᠣᠶᠣᠯ ᠢ ᠤᠯᠠᠨ ᠲᠦᠮᠡᠨ ᠤ ᠰᠡᠳᠬᠢᠯ ᠳᠠᠬᠢ ᠬᠠᠯᠠᠭᠤᠨ ᠳᠤᠯᠠᠭᠠᠨ ᠭᠠᠷᠠᠮ ᠪᠤᠯᠤᠩ ᠪᠣᠯᠭᠠᠨ᠎ᠠ᠃      ᠭᠤᠷᠪᠠ ᠳᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠲᠤᠰᠬᠠᠢ ᠴᠡᠭᠴᠡᠯᠡᠨ ᠵᠠᠰᠠᠬᠤ ᠶᠢ ᠴᠢᠨᠠᠭᠰᠢᠳᠠ ᠭᠦᠨᠵᠡᠭᠡᠶᠢᠷᠡᠭᠦᠯᠵᠦ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ᠂ ᠪᠠᠷᠢᠯᠭ᠎ᠠ ᠶᠢᠨ ᠠᠵᠢᠯ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ᠂ ᠰᠢᠲᠠᠮᠠᠬᠠᠢ ᠬᠡᠢ ᠶᠢᠨ ︽ᠯᠣᠩᠬᠤ ᠶᠢ ᠥᠭᠡᠷᠡᠴᠢᠯᠡᠨ ᠬᠠᠮᠢᠶᠠᠷᠬᠤ︾ ᠥᠭᠡᠷᠡᠴᠢᠯᠡᠯᠲᠡ ᠶᠢᠨ ᠡᠭᠦᠷᠭᠡ ᠶᠢ ᠥᠨᠳᠥᠷ ᠪᠦᠲᠦᠮᠵᠢᠲᠡᠢ ᠪᠡᠶᠡᠯᠡᠭᠦᠯᠦᠨ᠎ᠡ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠷᠢᠶᠡᠨ ᠳᠠᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠲᠣᠪᠤᠶᠢᠮ᠎ᠠ ᠰᠠᠶᠢᠲᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠤᠯᠠᠭᠠᠨ ᠵᠠᠭᠠᠯᠮᠠᠶᠢᠲᠠᠨ ᠤ ᠬᠤᠶᠠᠳᠤᠭᠠᠷ ᠳᠡᠰ ᠤᠨ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠶᠢ ᠪᠠᠶᠢᠭᠤᠯᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠦᠯᠡᠳᠡᠭᠡᠯ ᠥᠷᠢ ᠥᠭᠴᠡᠭᠡ ᠶᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠨᠡᠮᠡᠭᠳᠡᠬᠦ ᠳᠠᠯᠳᠠ ᠥᠷᠢ ᠥᠭᠴᠡᠭᠡ ᠶᠢ ᠡᠷᠡᠰ ᠰᠡᠷᠭᠡᠶᠢᠯᠡᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠡᠵᠡᠮᠳᠡᠵᠦ ᠳᠡᠶᠢᠯᠬᠦ ᠶᠢ ᠦᠨᠡᠨᠬᠦ ᠪᠠᠲᠤᠯᠠᠨ᠎ᠠ᠃ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠵᠤ᠂ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠠᠵᠢᠯ ᠤᠨ ᠲᠣᠭᠲᠠᠴᠠ ᠶᠢ ᠴᠢᠩᠭᠠᠷᠠᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭ ᠵᠥᠪᠯᠡᠵᠦ ᠵᠥᠪᠳᠡᠯᠴᠡᠬᠦ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠤᠯᠤᠰ ᠤᠨ ᠲᠠᠰ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠶᠢ ᠴᠢᠷᠮᠠᠶᠢᠨ ᠡᠭᠦᠳᠦᠨ᠎ᠡ᠃ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠲᠣᠭᠲᠠᠴᠠ ᠶᠢ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠶᠢᠰᠦᠨ ᠵᠢᠯ ᠳᠠᠷᠠᠭᠠᠯᠠᠨ ᠮᠠᠩᠯᠠᠶᠢᠯᠠᠬᠤ︾ ᠶᠢ ᠴᠢᠷᠮᠠᠶᠢᠨ ᠴᠣᠭᠴᠠᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠤᠨ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠵᠠᠰᠠᠬᠤ ᠲᠤᠰᠬᠠᠢ ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ  ᠨᠢᠭᠡᠴᠡ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠲᠠ ᠶᠢᠨ ᠠᠷᠠᠳ ᠤᠨ ᠰᠡᠷᠭᠡᠶᠢᠯᠡᠬᠦ ᠤᠬᠠᠮᠰᠠᠷ ᠢ  ᠳᠡᠭᠡᠭᠰᠢᠯᠡᠭᠦᠯᠦᠨ᠎ᠡ᠃ ᠹᠧᠩᠴᠢᠶᠤᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠥᠪ ᠢ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠪᠣᠳᠠᠲᠠᠢ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠢᠳᠡᠪᠬᠢᠲᠡᠢ ᠡᠭᠦᠳᠦᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠤᠨ ᠪᠦᠯᠬᠦᠮ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠴᠠᠭᠠᠵᠠ ᠪᠠ ᠲᠣᠰ ᠲᠣᠰ ᠤᠨ ᠲᠦᠷᠢᠮ ᠶᠣᠰᠣᠭᠠᠷ ᠠᠵᠢᠯ ᠢᠶᠠᠨ ᠥᠷᠨᠢᠭᠦᠯᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠤᠬᠡᠳ ᠤᠨ ︽ᠬᠤᠶᠠᠷ ᠬᠥᠲᠥᠯᠪᠦᠷᠢ︾ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠲᠤᠭ᠎ᠠ ᠪᠦᠷᠢᠳᠬᠡᠯ ᠤᠨ ᠠᠵᠢᠯ ᠢ ᠴᠢᠩᠭᠠᠳᠭᠠᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ᠂ ᠱᠠᠰᠢᠨ ᠰᠤᠷᠲᠠᠬᠤᠨ᠂ ᠣᠷᠣᠨ ᠨᠤᠲᠤᠭ ᠤᠨ ᠣᠶᠢᠯᠠᠯᠭ᠎ᠠ᠂ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠵᠡᠷᠭᠡ ᠠᠵᠢᠯ ᠢ ᠰᠠᠶᠢᠲᠤᠷ ᠬᠢᠨ᠎ᠡ᠃      ᠲᠥᠯᠥᠭᠡᠯᠡᠭᠴᠢᠳ ᠡ︕ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ᠂ ᠡᠨᠡ ᠵᠢᠯ ᠪᠢᠳᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ 12 ᠲᠥᠷᠥᠯ ᠵᠦᠢᠯ ᠢ ᠦᠷᠭᠦᠯᠵᠢᠯᠡᠨ ᠥᠷᠭᠡᠨ ᠢᠶᠠᠷ ᠡᠯᠰᠡᠨ ᠰᠢᠯᠢᠨ ᠰᠣᠩᠭᠤᠵᠤ᠂ ᠪᠢᠴᠢᠭ ᠤᠨ ᠮᠡᠳᠡᠭᠦᠯᠦᠯᠲᠡ ᠪᠢᠴᠢᠵᠦ᠂ ᠲᠥᠯᠥᠭᠡᠯᠡᠭᠴᠢᠳ ᠡᠨᠡ ᠵᠢᠯ ᠤᠨ ᠲᠤᠭᠤᠷᠢᠭ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠢ ᠬᠢᠨᠠᠨ ᠶᠠᠷᠢᠯᠴᠠᠵᠤ ᠪᠢᠯᠧᠲ ᠥᠭᠴᠦ ᠲᠣᠭᠲᠠᠭᠠᠬᠤ ᠪᠣᠯᠪᠠᠤ᠃ ᠪᠢᠳᠡ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠰᠠᠶᠢᠲᠤᠷ ᠠᠳᠬᠤᠵᠤ᠂ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ᠃      ︵ᠵᠢᠷᠭᠤᠭ᠎ᠠ︶ ︽ᠭᠤᠷᠪᠠᠨ ᠡᠷᠬᠡᠪᠰᠢ︾ ᠶᠢ ᠦᠢᠯᠡᠳᠦᠯᠭᠡᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠨ᠎ᠡ     ᠨᠢᠭᠡ ᠳᠤ᠂ ᠶᠡᠭᠡ ᠲᠠᠯ᠎ᠠ ᠶᠢ ᠪᠣᠳᠣᠯᠬᠢᠯᠠᠨ ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠶᠢ ᠴᠤᠭᠴᠠᠯᠠᠨ᠎ᠠ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶᠡᠨ ᠤ ᠪᠦᠬᠦ ᠶᠠᠪᠤᠴᠠ ᠳᠤ ᠡᠷᠡᠰ ᠨᠠᠶᠢᠳᠠᠪᠤᠷᠢᠵᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠦᠨ᠎ᠡ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠠᠮᠤᠭ ᠤᠨ ᠨᠠᠮᠴᠢ ᠴᠢᠨᠠᠷ ᠢ ᠡᠷᠬᠢᠮᠯᠡᠬᠦ᠂ ᠬᠠᠮᠤᠭ ᠤᠨ ᠤᠯᠤᠰ ᠲᠦᠷᠦ ᠶᠢ ᠡᠷᠬᠢᠮᠯᠡᠬᠦ᠂ ᠬᠠᠮᠤᠭ ᠤᠨ ᠦᠨᠡᠨᠴᠢ ᠰᠢᠳᠤᠷᠭᠤ ᠪᠠᠶᠢᠬᠤ ᠶᠢ ᠵᠠᠰᠠᠭ ᠤᠨ ᠣᠷᠳᠣᠨ ᠤ ᠰᠢᠰᠲ᠋ᠧᠮ ᠳᠤ ᠬᠡᠪ ᠵᠠᠩᠰᠢᠯ  ᠪᠤᠯᠭᠠᠨ᠎ᠠ᠃     ᠬᠤᠶᠠᠷ ᠲᠤ ᠬᠠᠤᠯᠢ ᠪᠠᠷ ᠵᠠᠰᠠᠬᠤ ᠶᠢ ᠪᠠᠲᠤ ᠰᠠᠬᠢᠵᠤ᠂ ᠬᠢᠨᠠᠯᠲᠠ ᠶᠢ ᠬᠦᠯᠢᠶᠡᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠬᠠᠤᠯᠢ ᠴᠠᠭᠠᠵᠠ ᠶᠢᠨ ᠭᠠᠵᠠᠷ ᠣᠷᠣᠯᠠᠨ ᠭᠦᠢᠴᠡᠳᠬᠡᠬᠦ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠲᠤᠷᠰᠢᠯᠲᠠ ᠶᠢᠨ ᠠᠵᠢᠯ ᠢ ᠬᠠᠶᠢᠨ ᠰᠦᠪᠡᠭᠴᠢᠯᠡᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠴᠡᠴᠡᠷᠯᠢᠭ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠲᠤ ᠴᠣᠭᠴᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠨ᠎ᠡ᠃ ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠦᠨᠳᠦᠳᠬᠡᠵᠦ᠂ ︽ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠵᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ︾ ᠪᠠᠶᠢᠬᠤ ᠶᠢ  ᠪᠠᠷᠢᠮᠲᠠᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠲᠣᠭᠲᠠᠭᠠᠯ ᠶᠣᠰᠣᠭᠠᠷ᠂ ᠢᠯᠡ ᠲᠣᠳᠣ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠵᠠᠰᠠᠭ ᠤᠨ ᠣᠷᠳᠣᠨ ᠤ ᠰᠢᠰᠲ᠋ᠧᠮ ᠳᠤ ᠬᠡᠪ ᠰᠤᠷᠲᠠᠯ ᠪᠤᠯᠭᠠᠨ᠎ᠠ᠃      ᠭᠤᠷᠪᠠ ᠳᠤ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠦᠢᠯᠡᠴᠢᠯᠡᠭᠡ ᠶᠢ ᠡᠷᠬᠢᠮᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠵᠠᠰᠠᠭ ᠤᠨ ᠣᠷᠳᠣᠨ ᠤ ᠡᠮᠦᠨᠡᠬᠢ ︽ᠠᠷᠠᠳ ᠲᠦᠮᠡᠨ︾ ᠭᠡᠬᠦ ᠬᠤᠶᠠᠷ ᠦᠰᠦᠭ ᠢ ᠢᠮᠠᠭᠲᠠ ᠪᠠᠲᠤ ᠴᠡᠭᠡᠵᠢᠯᠡᠵᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠮᠠᠨᠳᠤᠭᠤᠯᠵᠤ᠂ ᠠᠷᠠᠳ ᠢᠷᠭᠡᠳ ᠠᠴᠠ ᠡᠷᠳᠡᠮᠲᠡᠨ ᠮᠡᠷᠭᠡᠳ ᠢ ᠰᠤᠷᠪᠤᠯᠵᠢᠯᠠᠵᠤ᠂ ᠠᠷᠭ᠎ᠠ ᠪᠣᠳᠣᠯᠭ᠎ᠠ ᠶᠢ ᠦᠨᠳᠦᠰᠦᠨ ᠱᠠᠲᠤᠨ ᠳᠤ ᠠᠰᠠᠭᠤᠵᠤ᠂ ᠮᠡᠳᠡᠯᠭᠡ ᠶᠢ ᠦᠢᠯᠡᠳᠦᠯᠭᠡᠵᠢᠭᠦᠯᠵᠦ᠂ ᠰᠡᠳᠬᠢᠯ ᠮᠡᠳᠡᠯᠭᠡ ᠪᠠᠷ ᠣᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠣᠶᠢᠯᠠᠭᠠᠵᠤ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠢ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠢᠢᠳᠪᠦᠷᠢᠯᠡᠵᠦ᠂ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠤᠨ ᠬᠡᠷᠡᠭ ᠶᠠᠪᠤᠳᠠᠯ ᠢ ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠬᠢᠵᠦ ᠪᠠᠶᠢᠭ᠎ᠠ ᠤᠴᠢᠷ ᠶᠠᠪᠤᠳᠠᠯ ᠢ ᠵᠠᠰᠠᠭ ᠤᠨ ᠣᠷᠳᠣᠨ ᠤ ᠬᠢᠬᠦ ᠭᠡᠵᠦ ᠪᠠᠶᠢᠭ᠎ᠠ ᠶᠠᠪᠤᠳᠠᠯ᠂ ᠵᠠᠰᠠᠭ ᠤᠨ ᠣᠷᠳᠣᠨ ᠤ ᠬᠢᠵᠦ ᠪᠠᠶᠢᠭ᠎ᠠ ᠤᠴᠢᠷ ᠶᠠᠪᠤᠳᠠᠯ ᠢ ᠣᠯᠠᠨ ᠲᠦᠮᠡᠨ ᠳᠤ ᠬᠦᠷᠲᠡᠭᠡᠬᠦ ᠤᠴᠢᠷ ᠶᠠᠪᠤᠳᠠᠯ ᠪᠣᠯᠭᠠᠨ ᠬᠤᠪᠢᠷᠠᠭᠤᠯᠵᠤ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ᠂ ᠠᠷᠠᠳ ᠤᠨ ᠲᠥᠯᠥᠭᠡ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠲᠥᠯᠥᠭᠡ ᠳᠠᠷᠤᠭᠠᠰᠤ ᠶᠢ ᠬᠥᠩᠭᠡᠷᠡᠭᠦᠯᠬᠦ ᠶᠠᠪᠤᠳᠠᠯ ᠢ ᠵᠠᠰᠠᠭ ᠤᠨ ᠣᠷᠳᠣᠨ ᠤ ᠰᠢᠰᠲ᠋ᠧᠮ ᠳᠤ ᠬᠡᠪ ᠵᠠᠩᠰᠢᠯ ᠪᠣᠯᠭᠠᠨ᠎ᠠ᠃      ᠲᠦᠷᠪᠡ ᠳᠤ ᠦᠨᠡᠨ ᠰᠡᠳᠬᠢᠯ ᠠᠴᠠ ᠪᠠᠨ ᠬᠠᠷᠢᠭᠤᠴᠠᠯᠭ᠎ᠠ ᠲᠠᠢ ᠪᠠᠶᠢᠵᠤ ᠪᠣᠳᠠᠲᠠᠢ ᠠᠵᠢᠯᠯᠠᠬᠤ ᠶᠢ ᠡᠷᠬᠢᠮᠯᠡᠵᠦ᠂ ᠰᠤᠷᠲᠠᠯ ᠢᠶᠠᠨ  ᠰᠠᠶᠢᠵᠢᠷᠠᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠴᠢᠳᠠᠪᠤᠷᠢ ᠪᠠ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠬᠦᠴᠢᠷ ᠠᠰᠠᠭᠤᠳᠠᠯ︾ ᠢ ᠴᠢᠳᠠᠮᠠᠭᠠᠢ ᠪᠠᠷ ᠠᠳᠬᠤᠵᠤ᠂ ︽ᠬᠦᠴᠢᠷ ᠠᠰᠠᠭᠤᠳᠠᠯ︾ ᠢ ᠵᠣᠷᠢᠭᠲᠠᠢ ᠰᠢᠢᠳᠪᠦᠷᠢᠯᠡᠵᠦ᠂ ᠵᠢᠳᠬᠦᠯ ᠴᠢᠷᠮᠠᠶᠢᠯᠭ᠎ᠠ ᠲᠠᠢ ᠬᠥᠮᠦᠰ ᠢ ᠣᠷᠣᠨ ᠪᠠᠶᠢᠷᠢ ᠲᠠᠢ᠂ ᠠᠵᠢᠯ ᠦᠭᠡᠢ ᠬᠦᠮᠦᠰ ᠢ ᠣᠷᠣᠨ ᠪᠠᠶᠢᠷᠢ ᠳᠤᠨᠢ ᠬᠦᠷᠭᠡᠨ᠎ᠡ᠃ ︽ᠤᠳᠠᠭᠠᠨ᠂ ᠪᠦᠳᠦᠭᠦᠯᠢᠭ᠂ ᠬᠠᠭᠤᠷᠮᠠᠭ︾ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠤᠳᠤᠷᠢᠳᠤᠯᠭ᠎ᠠ ᠲᠦᠷᠦᠭᠦᠯᠡᠨ᠂ ᠪᠥᠬᠦ ᠠᠵᠢᠯᠲᠠᠨ ᠪᠣᠭᠤᠮᠲᠠ ᠰᠢᠪᠲᠤᠯᠬᠤ︾ ᠬᠠᠷᠢᠭᠤᠴᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ︽ᠬᠤᠯᠪᠣᠭᠠᠯᠠᠨ ᠬᠥᠳᠡᠯᠦᠯᠴᠡᠬᠦ᠂ ᠨᠢᠭᠲᠠ ᠬᠠᠮᠵᠢᠯᠴᠠᠬᠤ︾ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ︽ᠪᠣᠳᠠᠲᠤ ᠠᠮᠵᠢᠯᠲᠠ ᠪᠦᠲᠦᠮᠵᠢ ᠪᠠᠷ ᠬᠡᠯᠡᠬᠦ᠂ ᠪᠣᠳᠠᠲᠤ ᠦᠷ᠎ᠡ ᠪᠦᠲᠦᠮᠵᠢ ᠪᠠᠷ ᠱᠠᠩᠨᠠᠵᠤ ᠲᠣᠷᠭᠠᠬᠤ︾ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ︽ᠶᠠᠪᠤᠳᠠᠯ ᠪᠦᠬᠦᠨ ᠢ ᠳᠠᠷᠦ᠋ᠢᠬᠠᠨ ᠭᠦᠢᠴᠡᠳᠭᠡᠬᠦ᠂ ᠬᠥᠮᠦᠨ ᠪᠦᠬᠦᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠠᠵᠢᠯ ᠤᠨ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠥᠪᠡᠷ ᠢ ᠪᠠᠨ ᠦᠷᠡᠭᠳᠡᠭᠦᠯᠬᠦ ᠰᠥᠰᠥ ᠵᠣᠷᠢᠭ᠂ ᠥᠪᠡᠷ ᠢ ᠪᠠᠨ ᠮᠠᠷᠲᠠᠬᠤ ᠥᠬᠡᠶ ᠠᠬᠤᠶ ᠪᠠᠶᠢᠳᠠᠯ᠂ ᠪᠢ ᠵᠠᠪᠠᠯ ᠪᠦᠲᠦᠭᠡᠬᠦ ᠵᠢᠳᠬᠦᠯ ᠴᠢᠷᠮᠠᠶᠢᠯᠭ᠎ᠠ ᠪᠠᠷ ᠢᠶᠠᠨ ᠶᠡᠷᠦ ᠪᠤᠰᠤ ᠶᠢᠨ ᠠᠮᠵᠢᠯᠲᠠ ᠪᠦᠲᠦᠮᠵᠢ ᠣᠯᠵᠤ᠂ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠭᠡᠬᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠵᠣᠷᠢᠭᠲᠠᠶ ᠪᠠᠷ ᠬᠢᠵᠦ ᠵᠣᠷᠢᠭᠲᠠᠶ ᠪᠠᠷ ᠲᠤᠷᠰᠢᠵᠤ᠂ ᠵᠠᠰᠠᠭ ᠤᠨ ᠣᠷᠳᠣᠨ ᠤ ᠰᠢᠰᠲ᠋ᠧᠮ ᠳᠤ ᠬᠡᠪ ᠰᠤᠷᠲᠠᠯ ᠪᠤᠯᠭᠠᠨ᠎ᠠ᠃      ᠲᠠᠪᠤ ᠳᠤ ᠲᠥᠪ ᠰᠤᠷᠲᠠᠯ ᠢ ᠡᠷᠬᠢᠮᠯᠡᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠤᠯᠭᠠᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠤ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠢ ︽ᠭᠠᠮᠨᠠᠵᠤ ᠠᠮᠢᠳᠤᠷᠠᠬᠤ︾ ᠳᠠᠳᠬᠠᠯ ᠢ ᠪᠤᠢ ᠪᠣᠯᠭᠠᠵᠤ᠂ ᠠᠷᠠᠳ ᠤᠯᠠᠨ ᠤ ︽ᠰᠠᠶᠢᠨ ᠠᠮᠢᠳᠤᠷᠠᠯ︾ ᠢ ᠪᠤᠯᠭᠠᠨ᠎ᠠ᠃ ᠰᠠᠯᠠᠭ᠎ᠠ ᠮᠥᠴᠢᠷ ᠤᠨ ᠲᠥᠰᠦᠪ᠂ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠵᠦ᠂ ᠨᠡᠩ ᠤᠯᠠᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ᠂ ᠠᠵᠤ ᠦᠢᠯᠡᠰ ᠢ ᠲᠡᠰ ᠳᠡᠪᠰᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠢᠭᠤᠨ ᠴᠢᠬᠡᠴᠢ ᠪᠠᠷ ᠬᠥᠮᠦᠨ ᠪᠣᠯᠬᠤ᠂ ᠠᠷᠢᠭᠤᠨ ᠴᠢᠬᠡᠴᠢ ᠪᠠᠷ ᠠᠵᠢᠯ ᠬᠢᠬᠦ ᠶᠢ ᠵᠠᠰᠠᠭ ᠤᠨ ᠣᠷᠳᠣᠨ ᠤ ᠰᠢᠰᠲ᠋ᠧᠮ ᠳᠤ ᠬᠡᠪ ᠵᠠᠩᠰᠢᠯ ᠪᠤᠯᠭᠠᠨ᠎ᠠ᠃      ᠲᠥᠯᠥᠭᠡᠯᠡᠭᠴᠢᠳ ᠡ︕ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠢᠩᠱᠠᠨ ᠳᠤ ᠬᠦᠨᠳᠦ ᠬᠦᠰᠡᠯ ᠨᠠᠶᠢᠳᠠᠯᠭ᠎ᠠ ᠲᠠᠯᠪᠢᠵᠤ᠂ ᠬᠦᠨᠳᠦ ᠡᠭᠦᠷᠭᠡ ᠡᠭᠦᠷᠭᠡᠯᠡᠵᠦ᠂ ᠥᠷᠭᠡᠨ ᠣᠯᠠᠨ ᠬᠤᠲᠠ ᠶᠢᠨ ᠠᠷᠠᠳ ᠲᠦᠮᠡᠨ ᠴᠢᠩᠱᠠᠨ ᠳᠤ ᠢᠲᠡᠭᠡᠯ ᠳᠦᠭᠦᠷᠡᠩ ᠪᠠᠶᠢᠨ᠎ᠠ᠂ ᠪᠢᠳᠡ ᠡᠷᠬᠡᠪᠰᠢ ᠬᠦᠨᠳᠦ ᠳᠠᠷᠤᠭᠠᠰᠤ ᠶᠢ ᠮᠡᠳᠡᠵᠦ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠡᠭᠦᠷᠭᠡᠯᠡᠵᠦ᠂ ᠪᠢᠳᠡ ᠯᠠᠪᠲᠠᠶ ᠦᠷᠭᠦᠯᠵᠢᠯᠡᠨ ᠤᠷᠤᠭᠰᠢᠯᠠᠵᠤ᠂ ᠰᠢᠨ᠎ᠡ ᠬᠠᠭᠤᠳᠠᠰᠤ ᠶᠢ ᠵᠢᠷᠤᠭᠯᠠᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠰᠢᠪᠲᠤᠯᠬᠤ︾ ᠵᠣᠷᠢᠭ ᠰᠠᠨᠠᠭ᠎ᠠ᠂ ︽ᠡᠭᠦᠳᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠨ ᠡᠭᠦᠷᠢᠳᠡ ᠬᠠᠳᠠᠭᠠᠯᠠᠵᠤ᠂ ᠡᠷᠡᠯᠬᠡᠭᠯᠡᠨ ᠲᠡᠮᠡᠴᠡᠵᠦ᠂ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠴᠢᠩᠱᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号