ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠰᠢ | ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠦᠨᠡᠨ ᠶᠣᠰᠣᠨ ᠤ ᠬᠦᠴᠦᠨ ᠴᠢᠳᠠᠯ ᠪᠠ ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠢ | ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ | ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ | ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠬᠠᠷᠢᠶᠠᠲᠤ ᠣᠷᠣᠨ ᠤ ᠨᠠᠮ ᠤᠨ ᠭᠡᠰᠢᠭᠦᠨ | ᠺᠠᠳ᠋ᠷ ᠠᠵᠢᠯᠲᠠᠨ ᠠᠵᠢᠯᠴᠢᠨ᠂ ᠰᠠᠭᠤᠭᠠᠯᠢ ᠠᠷᠠᠳ ᠲᠤ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ | ᠶᠣᠰᠣ ᠤᠴᠢᠷ ᠢ ᠭᠦᠨᠵᠡᠭᠡᠢ ᠰᠤᠷᠤᠯᠴᠠᠨ ᠨᠠᠷᠢᠨ ᠤᠬᠠᠪᠦᠷᠢᠯᠠᠭᠤᠯᠬᠤ ᠶᠢᠨ ᠲᠦᠯᠦᠭᠡ᠂ ᠣᠶᠢᠷ᠎ᠠ ᠳᠤ᠂ ᠬᠤᠰᠢᠭᠤᠴᠢ | ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ | ᠨᠠᠮ ᠤᠨ ᠭᠡᠰᠢᠭᠦᠨ ᠺᠠᠳ᠋ᠷ ᠠᠵᠢᠯᠲᠠᠨ᠂ ᠰᠠᠭᠤᠭᠠᠯᠢ ᠠᠷᠠᠳ ᠤᠨ ᠨᠠᠮ ᠤᠨ ᠡᠭᠦᠷ ᠤᠨ ᠱᠦᠵᠢ᠂ ᠬᠠᠷᠢᠶ᠎ᠠ | ᠲᠣᠭᠤᠷᠢᠭ ᠤᠨ ᠬᠠᠮᠲᠤ ᠪᠠᠷ ᠪᠠᠶᠢᠭᠤᠯᠤᠭᠰᠠᠨ ᠨᠢᠭᠡᠴᠡ ᠶᠢᠨ ᠨᠠᠮ ᠤᠨ ᠭᠡᠰᠢᠭᠦᠨ᠂ ᠪᠤᠭᠤᠲᠤ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ 85 ᠰᠤᠷᠤᠬᠴᠢ ᠶᠢ ᠵᠣᠬᠢᠶᠠᠨ ᠪᠠᠶᠢᠭᠤᠯᠵᠤ᠂ ᠪᠤᠭᠤᠲᠤ ᠬᠤᠳᠠ ᠶᠢᠨ | ᠮᠦᠽᠧᠢ ᠶᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠤᠣᠯ | ᠰᠡᠳᠦᠪᠲᠦ ᠦᠵᠡᠭᠦᠯᠦᠯᠭᠡ ᠶᠢ ᠲᠣᠭᠤᠷᠢᠨ ᠦᠵᠡᠪᠡ᠃ | ᠲᠤᠰ ᠤᠳᠠᠭᠠᠨ ᠤ ᠦᠵᠡᠭᠦᠯᠦᠯᠭᠡ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠤᠶ ᠪᠣᠯᠭᠠᠬᠤ︾ ᠪᠠᠷ ᠭᠤᠣᠯ ᠰᠢᠵᠢᠮ ᠪᠣᠯᠭᠠᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ | ᠶᠠᠪᠤᠳᠠᠯ ᠪᠠ ᠶᠣᠰᠣ ᠤᠴᠢᠷ ᠢᠶᠠᠷ ᠡᠬᠡ ᠳᠡᠪᠲᠡᠷ ᠪᠣᠯᠭᠠᠵᠤ᠂ 315 ᠬᠤᠪᠢ ᠭᠡᠷᠡᠯ ᠵᠢᠷᠤᠭ᠂ 149 ᠬᠤᠪᠢ | ᠦᠵᠡᠭᠦᠯᠦᠯᠭᠡ ᠶᠢᠨ ᠪᠣᠳᠠᠰ ᠢᠶᠠᠷ ᠳᠠᠮᠵᠢᠭᠤᠯᠵᠤ᠂ 1921 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠤ ᠳᠠᠷᠠᠭ᠎ᠠ᠂ ᠥᠪᠥᠷ ᠮᠣᠩᠭᠤᠯ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ᠂ | ᠰᠢᠨ᠎ᠡ ᠴᠠᠭ ᠦᠶ᠎ᠡ ᠶᠢᠨ ᠡᠯ᠎ᠡ ᠠᠳᠠᠯᠢ ᠪᠤᠰᠤ ᠲᠡᠦᠬᠡᠨ ᠴᠠᠭ ᠦᠶ᠎ᠡ ᠳᠤ ᠣᠷᠣᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠢᠶᠠᠨ ᠪᠤᠳᠤᠵᠤ᠂ ᠨᠠᠮ ᠤᠨ ᠲᠥᠪ ᠬᠤᠷᠢᠶ᠎ᠠ ᠪᠠᠨ ᠪᠤᠳᠤᠵᠤ᠂ | ᠬᠡᠴᠢᠨᠡᠨ ᠤᠯᠠᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠳᠤ ᠲᠤᠯᠭᠠᠷᠠᠭᠰᠠᠨ ᠴᠤ ᠨᠠᠮ ᠢᠶᠠᠨ ᠬᠠᠶᠢᠷᠠᠯᠠᠬᠤ ᠪᠠ | ᠦᠨᠡᠨᠴᠢ ᠰᠢᠳᠤᠷᠭᠤ ᠪᠠᠶᠢᠬᠤ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ᠤᠯᠠᠨ ᠢᠶᠠᠷ ᠢᠶᠠᠨ ᠭᠡᠷᠡᠯ | ᠵᠢᠷᠤᠭ ᠤᠳ ᠠᠴᠠ ᠨᠠᠮ ᠤᠨ ᠥᠪᠥᠷ ᠮᠣᠩᠭᠤᠯ ᠳᠠᠬᠢ ᠬᠠᠯᠠᠮᠵᠢᠯᠠᠯ ᠪᠠ ᠵᠢᠯᠣᠭᠤᠳᠤᠯᠭ᠎ᠠ ᠶᠢ ᠮᠡᠳᠡᠷᠡᠵᠦ᠂ ᠥᠪᠥᠷ | ᠮᠣᠩᠭᠤᠯ ᠤᠨ ᠰᠢᠨ᠎ᠡ ᠴᠠᠭ ᠦᠶ᠎ᠡ ᠶᠢᠨ ︽ᠣᠨᠴᠠ ᠭᠠᠷᠤᠯᠲᠠ︾ ᠶᠢᠨ ᠳᠤᠮᠳᠠ ᠠᠴᠠ ᠥᠨᠥᠳᠥᠷ ᠤᠨ ᠶᠡᠭᠡ ᠰᠠᠶᠢᠨ | ᠬᠥᠭᠵᠢᠯᠲᠡ ᠶᠢᠨ ᠪᠠᠶᠢᠳᠠᠯ ᠢ ᠮᠡᠳᠡᠷᠡᠵᠦ᠂ ᠢᠮᠠᠭᠲᠠ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠭᠰᠠᠨ ᠠᠴᠠ | ᠦᠨᠳᠦᠰᠦᠲᠡᠨ ᠨᠦᠭᠦᠳ ᠤᠨ ᠠᠷᠠᠳ ᠲᠦᠮᠡᠨ ᠰᠠᠶ᠋ᠢ ᠥᠨᠥᠳᠥᠷ ᠤᠨ ᠰᠠᠶᠢᠨ ᠰᠠᠶᠢᠬᠠᠨ ᠵᠣᠯ ᠵᠢᠷᠭᠠᠯᠲᠤ | ᠠᠮᠢᠳᠤᠷᠠᠯ ᠲᠠᠢ ᠪᠣᠯᠤᠭᠰᠠᠨ ᠢ ᠤᠯᠠᠨ ᠳᠤ ᠤᠯᠠᠮ ᠭᠦᠨᠵᠡᠭᠡᠢ ᠣᠶᠢᠯᠠᠭᠠᠭᠤᠯᠵᠠᠢ᠃ | ᠲᠤᠰ ᠤᠳᠠᠭᠠᠨ ᠤ ᠭᠤᠣᠯ ᠰᠡᠳᠦᠪᠲᠦ ᠦᠵᠡᠭᠦᠯᠦᠯᠭᠡ ᠶᠢ ᠲᠣᠭᠤᠷᠢᠨ ᠦᠵᠡᠬᠦ ᠠᠵᠢᠯᠯᠠᠭ᠎ᠠ ᠪᠠᠷ ᠳᠡᠮᠵᠢᠨ᠂ | ᠣᠯᠠᠨ ᠳᠤ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠲᠠᠨᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠮᠣᠩᠭᠤᠯ | ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠵᠤ᠂ | ᠰᠤᠷᠤᠯᠴᠠᠭᠰᠠᠨ ᠡᠷᠬᠢᠮ ᠨᠠᠨᠳᠢᠨ ᠮᠡᠳᠡᠯᠭᠡ ᠪᠠᠨ ᠠᠷᠠᠳ ᠲᠦᠮᠡᠨ ᠳᠤ ᠦᠢᠯᠡᠴᠢᠯᠡᠬᠦ ᠠᠵᠢᠯ ᠳᠤ ᠬᠡᠷᠡᠭᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠪᠤᠭᠤᠲᠤ ᠶᠢᠨ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ | ᠪᠢᠴᠢᠭᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃ | |