ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢᠨ ᠲᠣᠭᠠᠴᠠᠭ᠎ᠠ ᠬᠢᠬᠦ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2024/3/27
      ᠨᠡᠶᠢᠭᠡᠮ ᠤᠨ ᠬᠥᠭᠵᠢᠯᠲᠡ ᠪᠠ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ ᠶᠢ ᠳᠠᠭᠠᠯᠳᠤᠨ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠠᠰᠠᠭᠤᠳᠠᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃ ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠴᠢᠬᠤᠯᠠ ᠠᠵᠤ ᠠᠬᠤᠢ ᠶᠢᠨ ᠢᠷᠡᠯᠲᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠎ ᠶᠢᠨ ᠠᠵᠢᠯ ᠠᠴᠠ ᠪᠠᠨ ᠠᠮᠠᠷᠠᠭᠰᠠᠳ ᠤᠨ ᠬᠥᠮᠥᠰ ᠤᠨ ᠨᠠᠰᠤᠵᠢᠯ ᠤᠨ ᠠᠰᠠᠷᠠᠮᠵᠢ ᠎ ᠶᠢᠨ ᠳᠠᠭᠠᠳᠬᠠᠯ ᠤᠨ ᠬᠠᠷᠠᠭᠠᠯᠵᠠᠯ ᠤᠨ ᠲᠣᠭᠠᠴᠠᠭ᠎ᠠ ᠬᠢᠬᠦ ᠪᠣᠯ ᠠᠷᠠᠳ ᠣᠯᠠᠨ ᠤ ᠬᠦᠷᠲᠡᠮᠵᠢ ᠎ ᠶᠢᠨ ᠰᠡᠳᠬᠢᠭᠳᠡᠯ ᠪᠠ ᠵᠤᠯ ᠵᠢᠷᠭᠠᠯᠲᠦ ᠲᠦᠷᠦᠭᠳᠡᠯ ᠢ ᠳᠡᠭᠡᠭᠰᠢᠯᠡᠭᠦᠯᠬᠦ ᠶᠢᠨ ᠨᠢᠭᠡᠨ ᠴᠢᠬᠤᠯᠠ ᠠᠭᠤᠯᠭ᠎ᠠ ᠮᠦᠨ᠂ ᠡᠨᠡᠬᠦ ᠠᠵᠢᠯ ᠢ ᠦᠨᠡᠨᠬᠦ ᠰᠠᠶᠢᠲᠤᠷ ᠬᠢᠬᠦ ᠎ ᠶᠢᠨ ᠲᠤᠰᠠᠳᠠ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠢ ᠳᠤᠮᠳᠠᠳᠤ ᠎ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠬᠠᠷᠠᠯᠲᠠ ᠪᠠᠨ ᠲᠣᠭᠲᠠᠭᠠᠵᠤ᠂ ᠠᠵᠢᠯ ᠎ ᠠᠴᠠ ᠪᠠᠨ ᠠᠮᠠᠷᠠᠭᠰᠠᠳ ᠤᠨ ᠬᠠᠷᠠᠭᠠᠯᠵᠠᠯ ᠎ ᠢ ᠪᠣᠳᠠᠲᠠᠢ ᠣᠯᠭᠤᠬᠤ ᠠᠵᠢᠯ ᠎ ᠢ ᠪᠦᠬᠦ ᠬᠦᠴᠦ ᠪᠠᠷ ᠎ ᠢᠶᠠᠨ ᠰᠠᠶᠢᠲᠤᠷ ᠬᠢᠵᠦ᠂ ᠠᠵᠢᠯ ᠎ ᠠᠴᠠ ᠪᠠᠨ ᠪᠠᠭᠤᠵᠤ ᠠᠮᠠᠷᠠᠭᠰᠠᠳ ᠤᠨ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃       ᠨᠢᠭᠡ ᠳᠤ᠂ ᠲᠦᠷᠦ ᠶᠢᠨ ᠪᠤᠳᠤᠯᠭ᠎ᠠ ᠶᠢ ᠨᠡᠪᠲᠡᠷᠬᠡᠢ ᠣᠶᠢᠯᠠᠭᠠᠬᠤ ᠳᠡᠭᠡᠷ᠎ᠡ ᠬᠦᠴᠦ ᠲᠠᠯᠪᠢᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠤᠲᠠ ᠶᠢᠨ ᠨᠡᠶᠢᠭᠡᠮ ᠤᠨ ᠪᠠᠲᠤᠯᠠᠭ᠎ᠠ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠯᠤᠭ᠎ᠠ ᠨᠡᠪᠲᠡᠷᠡᠯᠴᠡᠨ ᠵᠣᠯᠭᠠᠭᠤᠯᠬᠤ ᠠᠵᠢᠯ ᠢ ᠨᠡᠪᠲᠡᠷᠡᠯᠴᠡᠭᠦᠯᠵᠦ᠂ ᠠᠵᠢᠯ ᠠᠴᠠ ᠪᠠᠨ ᠠᠮᠠᠷᠠᠭᠰᠠᠳ ᠤᠨ ᠣᠯᠭᠤᠮᠵᠢ ᠶᠢ ᠪᠤᠳᠤᠵᠤ ᠣᠯᠭᠤᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠣᠯᠭᠤᠮᠵᠢ ᠶᠢ ᠪᠤᠳᠤᠵᠤ ᠲᠠᠷᠬᠠᠭᠠᠬᠤ ᠬᠠᠮᠢᠶ᠎ᠠ ᠪᠦᠬᠦᠢ ᠴᠢᠳᠠᠮᠵᠢ ᠶᠢ ᠨᠠᠷᠢᠨ ᠬᠢᠨᠠᠮᠠᠭᠠᠶ ᠰᠢᠰᠲ᠋ᠧᠮ ᠲᠠᠢ ᠰᠤᠷᠤᠯᠴᠠᠬᠤ ᠶᠢᠨ ᠬᠠᠮᠲᠤ ᠲᠤᠬᠠᠶ ᠶᠢᠨ ᠲᠠᠯᠠᠪᠤᠷ ᠤᠨ ᠠᠵᠢᠯᠯᠠᠬᠤ ᠳᠤ ᠣᠷᠣᠯᠴᠠᠵᠤ᠂ ᠠᠵᠢᠯ ᠠᠴᠠ ᠪᠠᠨ ᠠᠮᠠᠷᠠᠭᠰᠠᠳ ᠤᠨ ᠬᠠᠷᠠᠭᠠᠯᠵᠠᠯ ᠤᠨ ᠰᠢᠨ᠎ᠡ ᠠᠷᠭ᠎ᠠ ᠶᠢ ᠪᠤᠳᠤᠵᠤ ᠣᠯᠭᠤᠬᠤ ᠭᠠᠷᠲᠠᠨ ᠭᠦᠢᠴᠡᠳᠭᠡᠬᠦ ᠪᠠ ᠣᠯᠭᠤᠮᠵᠢ ᠶᠢ ᠳᠠᠬᠢᠨ ᠪᠤᠳᠤᠬᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠷᠠᠭᠠᠯᠵᠠᠯ ᠢ ᠳᠠᠬᠢᠨ ᠪᠤᠳᠤᠬᠤ ᠠᠵᠢᠯ ᠢ ᠤᠷᠤᠭᠰᠢᠲᠠᠶ ᠥᠷᠨᠢᠭᠦᠯᠬᠦ ᠳᠤ ᠭᠦᠢᠴᠡᠳ ᠬᠢᠴᠢᠶᠡᠯ ᠬᠢᠪᠡ᠃ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠶᠠᠪᠤᠴᠠ ᠳᠤ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ᠂ ᠪᠤᠰᠤᠳ ᠬᠤᠰᠢᠭᠤ ᠰᠢᠶᠠᠨ ᠤ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠣᠶᠢᠯᠠᠭᠠᠯᠲᠠ ᠪᠠᠨ ᠴᠢᠩᠭᠠᠷᠠᠭᠤᠯᠤᠨ᠂ ᠪᠠᠷᠢᠮᠵᠢᠶ᠎ᠠ ᠨᠢ ᠨᠢᠭᠡᠳᠦᠯᠲᠡᠶ᠂ ᠭᠠᠷᠲᠠᠨ ᠭᠦᠢᠴᠡᠳᠬᠡᠬᠦ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠦᠨ᠎ᠡ᠃      ᠬᠤᠶᠠᠷ ᠲᠤ᠂ ᠨᠠᠷᠢᠯᠢᠭ ᠤᠨᠤᠪᠴᠢᠲᠠᠢ ᠲᠣᠭᠠᠴᠠᠭ᠎ᠠ ᠬᠢᠬᠦ ᠳᠡᠭᠡᠷ᠎ᠡ ᠬᠦᠴᠦ ᠲᠠᠯᠪᠢᠨ᠎ᠠ᠃ ᠲᠤᠲᠤᠭᠠᠲᠦ ᠎ ᠳᠤ ᠪᠠᠨ᠂ ᠬᠠᠷᠭᠤᠭᠤᠯᠤᠭᠰᠠᠨ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠪᠠ ᠲᠣᠭᠠᠴᠠᠭ᠎ᠠ ᠬᠢᠬᠦ ᠦᠶ᠎ᠡ ᠳᠤ ︽ᠬᠤᠶᠠᠷ ᠢ ᠬᠠᠷᠭᠤᠭᠤᠯᠬᠤ︾᠎ ᠶᠢ ᠪᠡᠶᠡᠯᠡᠭᠦᠯᠦᠨ᠎ᠡ︔ ᠲᠣᠭᠠᠴᠠᠭ᠎ᠠ ᠬᠢᠬᠦ ᠦᠶ᠎ᠡ ᠳᠤ ᠭᠠᠷ ᠢᠶᠠᠷ ᠪᠤᠳᠤᠬᠤ ᠪᠠ ᠰᠢᠰᠲ᠋ᠧᠮ ᠲᠠᠢ ᠪᠠᠷ ᠰᠢᠯᠭᠠᠨ ᠪᠤᠳᠤᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ︽ᠬᠤᠤᠰ ᠪᠠᠲᠤᠯᠠᠭ᠎ᠠ︾᠎ ᠎ ᠶᠢ ᠪᠡᠶᠡᠯᠡᠭᠦᠯᠦᠨ᠎ᠡ︔ ᠭᠠᠷᠲᠠᠨ ᠭᠦᠢᠴᠡᠳᠬᠡᠬᠦ ᠴᠤᠪᠤᠷᠠᠯ ᠢ ᠠᠩᠬᠠᠨ ᠤ ᠬᠢᠨᠠᠯᠲᠠ᠂ ᠳᠠᠬᠢᠨ ᠬᠢᠨᠠᠯᠲᠠ ᠪᠠᠷ ᠳᠠᠮᠵᠢᠭᠤᠯᠤᠨ ︽ᠬᠤᠶᠠᠷ ᠢ ᠬᠢᠨᠠᠵᠤ ᠬᠤᠶᠠᠷ ᠢ ᠬᠠᠷᠭᠤᠭᠤᠯᠬᠤ︾᠎ ᠶᠢ ᠬᠡᠷᠡᠭᠵᠢᠭᠦᠯᠦᠨ᠎ᠡ᠃ ᠭᠠᠳᠠᠭᠰᠢ ᠡᠬᠡ ᠲᠠᠩᠰᠠ ᠪᠠᠶᠢᠭᠤᠯᠤᠭᠰᠠᠨ ᠰᠠᠭᠤᠷᠢᠨ ᠳᠡᠭᠡᠷ᠎ᠡ᠂ ᠥᠩᠭᠡᠷᠡᠭᠰᠡᠨ ᠳᠤ ᠠᠵᠤ ᠠᠬᠤᠶᠢᠯᠠᠯ ᠤᠨ ᠥᠩᠭᠡᠷᠡᠯᠲᠡ ᠲᠠᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠠᠵᠢᠯ ᠠᠴᠠ ᠪᠠᠨ ᠠᠮᠠᠷᠠᠭᠰᠠᠳ ᠲᠤ ᠴᠢᠭᠯᠡᠭᠦᠯᠦᠨ᠂ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠬᠤᠪᠢ ᠶᠢ ᠵᠣᠯᠭᠠᠭᠤᠯᠵᠤ ᠲᠠᠩᠰᠠᠨ ᠡᠷᠦᠬᠡ ᠶᠢᠨ ᠮᠡᠳᠡᠭᠡ ᠵᠠᠩᠭᠢ ᠶᠢ ᠡᠮᠬᠢᠯᠡᠵᠦ᠂ ᠠᠳᠠᠯᠢ ᠪᠤᠰᠤ ᠰᠲ᠋ᠣᠺ ᠤᠨ ᠥᠷᠥᠭᠡ ᠶᠢᠨ ᠬᠤᠭᠤᠷᠣᠨᠳᠣᠬᠢ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠵᠦ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠳᠣᠲᠣᠭᠠᠳᠤ ᠎ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠶᠠᠪᠤᠴᠠ ᠪᠠᠨ ᠨᠠᠷᠢᠯᠢᠭᠵᠢᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠠᠴᠠ ᠪᠠᠨ ᠠᠮᠠᠷᠠᠭᠰᠠᠨ ᠬᠠᠷᠠᠭᠠᠯᠵᠠᠯ ᠤᠨ ᠲᠣᠭᠠᠴᠠᠭ᠎ᠠ ᠬᠢᠬᠦ ᠨᠢ ᠵᠥᠪ ᠣᠨᠣᠪᠴᠢᠲᠠᠶ ᠪᠠᠶᠢᠬᠤ ᠶᠢ ᠪᠠᠲᠤᠯᠠᠵᠤ᠂ ᠠᠵᠢᠯ ᠠᠴᠠ ᠪᠠᠨ ᠠᠮᠠᠷᠠᠭᠰᠠᠳ ᠢ ︽ᠰᠠᠨᠠᠭ᠎ᠠ ᠠᠮᠤᠷ ᠪᠠᠶᠢᠯᠭᠠᠨ᠎ᠠ︾ ᠭᠡᠪᠡ᠃      ᠭᠤᠷᠪᠠ ᠳᠤ᠂ ᠲᠣᠭᠲᠠᠭᠤᠨ ᠢᠶᠠᠷ ᠠᠬᠢᠭᠤᠯᠬᠤ ᠳᠡᠭᠡᠷ᠎ᠡ ᠬᠦᠴᠦ ᠲᠠᠯᠪᠢᠨ᠎ᠠ᠃ ᠠᠵᠢᠯ ᠠᠴᠠ ᠪᠠᠨ ᠠᠮᠠᠷᠠᠭᠰᠠᠳ ᠤᠨ ᠳᠠᠬᠢᠨ ᠪᠤᠳᠤᠭᠰᠠᠨ ᠨᠠᠰᠤᠵᠢᠯ ᠤᠨ ᠠᠰᠠᠷᠠᠮᠵᠢ ᠶᠢᠨ ᠣᠯᠭᠤᠮᠵᠢ ᠪᠠᠨ ︽ᠲᠣᠳᠣᠷᠬᠠᠶ ᠦᠵᠡᠵᠦ᠂ ᠲᠣᠳᠣᠷᠬᠠᠶ ᠪᠣᠳᠣᠬᠤ︾ ᠪᠣᠯᠭᠠᠬᠤ ᠶᠢᠨ ᠲᠥᠯᠥᠭᠡ ᠳᠠᠬᠢᠨ ᠪᠤᠳᠤᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠳᠠᠬᠢᠨ ᠪᠤᠳᠤᠬᠤ ᠬᠤᠯᠪᠣᠭᠳᠠᠯ ᠪᠥᠬᠦᠶ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠡᠯ᠎ᠡ ᠨᠢᠭᠡᠴᠡ ᠳᠤ ᠳᠠᠷᠤᠶ ᠲᠦᠷᠭᠡᠨ ᠮᠡᠳᠡᠭᠳᠡᠵᠦ᠂ ᠡᠯ᠎ᠡ ᠨᠢᠭᠡᠴᠡ ᠴᠦ ᠰᠦᠯᠵᠢᠶᠡᠨ ᠤ ᠲᠢᠩᠬᠢᠮ ᠢᠶᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠠᠭᠤᠯᠭᠠᠨ ᠠᠪᠴᠤ ᠨᠡᠶᠢᠲᠡᠯᠡᠵᠦ ᠪᠣᠯᠤᠨ᠎ᠠ᠂ ᠠᠵᠢᠯ ᠠᠴᠠ ᠪᠠᠨ ᠠᠮᠠᠷᠠᠭᠰᠠᠳ ᠤᠨ ᠮᠡᠳᠡᠭᠡ ᠵᠠᠩᠭᠢ ᠶᠢ ᠳᠠᠬᠢᠨᠲᠠ ᠬᠠᠷᠭᠤᠭᠤᠯᠵᠤ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠲᠣᠭᠠᠴᠠᠭ᠎ᠠ ᠬᠢᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠪᠠ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠬᠦᠯᠢᠴᠡᠩᠭᠦᠶ ᠪᠠᠷ ᠰᠠᠶᠢᠲᠤᠷ ᠬᠢᠵᠦ᠂ ᠵᠥᠷᠢᠴᠡᠯ ᠤᠨ ᠳᠠᠯᠳᠠ ᠭᠡᠮ ᠢ ᠠᠷᠢᠯᠭᠠᠨ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠣᠳᠠᠲᠠᠶ ᠲᠠᠷᠬᠠᠭᠠᠬᠤ ᠠᠵᠢᠯ ᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠨ᠎ᠠ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠤᠷᠰᠢᠯᠭ᠎ᠠ ᠪᠠᠨ ᠳ᠋ᠦᠩᠨᠡᠵᠦ᠂ ᠦᠢᠯᠡᠴᠢᠯᠡᠭᠡ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠩ ᠢᠳᠡᠪᠬᠢᠲᠡᠢ ᠬᠦᠴᠦᠲᠡᠢ ᠠᠷᠭ᠎ᠠ ᠬᠡᠮᠵᠢᠶ᠎ᠡ ᠠᠪᠴᠤ᠂ ᠡᠷᠡᠮᠡᠬᠡᠶᠢᠯᠡᠨ ᠤᠷᠤᠭᠰᠢᠯᠠᠵᠤ᠂ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号