ᠬᠤᠰᠢᠭᠤᠴᠢ ᠵᠠᠮ ᠤᠨ ᠵᠡᠭᠡᠯᠢ ᠭᠤᠲᠤᠮᠵᠢ ᠪᠤᠭᠤᠲᠤ ᠬᠤᠲᠠ ᠶᠢᠨ ᠮᠦᠽᠧᠢ ᠶᠢᠨ ᠭᠤᠣᠯ ᠰᠡᠳᠦᠪᠲᠦ ᠦᠵᠡᠭᠦᠯᠦᠯᠭᠡ ᠶᠢ ᠲᠣᠭᠤᠷᠢᠨ ᠦᠵᠡᠵᠦ ᠰᠤᠷᠤᠯᠴᠠᠪᠠ
ᠨᠡᠶᠢᠲᠡᠯᠡᠭᠰᠡᠨ ᠴᠠᠭ᠄
2024/3/27
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠰᠢ  ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠴᠢᠳᠠᠯ ᠪᠠ ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠬᠠᠷᠢᠶᠠᠲᠤ ᠣᠷᠣᠨ ᠤ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ᠂ ᠰᠠᠭᠤᠭᠠᠯᠢ ᠠᠷᠠᠳ ᠲᠤ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠰᠤᠷᠤᠯᠴᠠᠨ ᠨᠠᠷᠢᠨ ᠤᠬᠠᠪᠦᠷᠢᠯᠠᠭᠤᠯᠬᠤ ᠶᠢᠨ ᠲᠦᠯᠦᠭᠡ᠂ ᠣᠶᠢᠷ᠎ᠠ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠠᠵᠢᠯᠲᠠᠨ᠂ ᠰᠠᠭᠤᠭᠠᠯᠢ ᠠᠷᠠᠳ ᠤᠨ ᠨᠠᠮ ᠤᠨ ᠡᠭᠦᠷ ᠤᠨ ᠱᠦᠵᠢ᠂ ᠬᠠᠷᠢᠶ᠎ᠠ ᠲᠣᠭᠤᠷᠢᠭ ᠤᠨ ᠬᠠᠮᠲᠤ ᠪᠠᠷ ᠪᠠᠶᠢᠭᠤᠯᠤᠭᠰᠠᠨ ᠨᠢᠭᠡᠴᠡ ᠶᠢᠨ ᠨᠠᠮ ᠤᠨ ᠭᠡᠰᠢᠭᠦᠨ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 85 ᠰᠤᠷᠤᠬᠴᠢ ᠶᠢ ᠵᠣᠬᠢᠶᠠᠨ ᠪᠠᠶᠢᠭᠤᠯᠵᠤ᠂ ᠪᠤᠭᠤᠲᠤ ᠬᠤᠳᠠ ᠶᠢᠨ ᠮᠦᠽᠧᠢ ᠶᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠤᠣᠯ ᠰᠡᠳᠦᠪᠲᠦ ᠦᠵᠡᠭᠦᠯᠦᠯᠭᠡ ᠶᠢ ᠲᠣᠭᠤᠷᠢᠨ ᠦᠵᠡᠪᠡ᠃      ᠲᠤᠰ ᠤᠳᠠᠭᠠᠨ ᠤ ᠦᠵᠡᠭᠦᠯᠦᠯᠭᠡ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ︾ ᠪᠠᠷ ᠭᠤᠣᠯ ᠰᠢᠵᠢᠮ ᠪᠣᠯᠭᠠᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢᠶᠠᠷ ᠡᠬᠡ ᠳᠡᠪᠲᠡᠷ ᠪᠣᠯᠭᠠᠵᠤ᠂ 315 ᠬᠤᠪᠢ ᠭᠡᠷᠡᠯ ᠵᠢᠷᠤᠭ᠂ 149 ᠬᠤᠪᠢ ᠦᠵᠡᠭᠦᠯᠦᠯᠭᠡ ᠶᠢᠨ ᠪᠣᠳᠠᠰ ᠢᠶᠠᠷ ᠳᠠᠮᠵᠢᠭᠤᠯᠵᠤ᠂ 1921 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭ᠎ᠠ᠂ ᠥᠪᠥᠷ ᠮᠣᠩᠭᠤᠯ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ᠂ ᠰᠢᠨ᠎ᠡ ᠴᠠᠭ ᠦᠶ᠎ᠡ ᠶᠢᠨ ᠡᠯ᠎ᠡ ᠠᠳᠠᠯᠢ ᠪᠤᠰᠤ ᠲᠡᠦᠬᠡᠨ ᠴᠠᠭ ᠦᠶ᠎ᠡ ᠳᠤ ᠣᠷᠣᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠢᠶᠠᠨ ᠪᠤᠳᠤᠵᠤ᠂ ᠨᠠᠮ ᠤᠨ ᠲᠥᠪ ᠬᠤᠷᠢᠶ᠎ᠠ ᠪᠠᠨ ᠪᠤᠳᠤᠵᠤ᠂ ᠬᠡᠴᠢᠨᠡᠨ ᠤᠯᠠᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠳᠤ ᠲᠤᠯᠭᠠᠷᠠᠭᠰᠠᠨ ᠴᠤ ᠨᠠᠮ ᠢᠶᠠᠨ ᠬᠠᠶᠢᠷᠠᠯᠠᠬᠤ ᠪᠠ ᠦᠨᠡᠨᠴᠢ ᠰᠢᠳᠤᠷᠭᠤ ᠪᠠᠶᠢᠬᠤ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ᠤᠯᠠᠨ ᠢᠶᠠᠷ ᠢᠶᠠᠨ ᠭᠡᠷᠡᠯ ᠵᠢᠷᠤᠭ ᠤᠳ ᠠᠴᠠ ᠨᠠᠮ ᠤᠨ ᠥᠪᠥᠷ ᠮᠣᠩᠭᠤᠯ ᠳᠠᠬᠢ ᠬᠠᠯᠠᠮᠵᠢᠯᠠᠯ ᠪᠠ ᠵᠢᠯᠣᠭᠤᠳᠤᠯᠭ᠎ᠠ ᠶᠢ ᠮᠡᠳᠡᠷᠡᠵᠦ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ︽ᠣᠨᠴᠠ ᠭᠠᠷᠤᠯᠲᠠ︾ ᠶᠢᠨ ᠳᠤᠮᠳᠠ ᠠᠴᠠ ᠥᠨᠥᠳᠥᠷ ᠤᠨ ᠶᠡᠭᠡ ᠰᠠᠶᠢᠨ ᠬᠥᠭᠵᠢᠯᠲᠡ ᠶᠢᠨ ᠪᠠᠶᠢᠳᠠᠯ ᠢ ᠮᠡᠳᠡᠷᠡᠵᠦ᠂ ᠢᠮᠠᠭᠲᠠ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠭᠰᠠᠨ ᠠᠴᠠ ᠦᠨᠳᠦᠰᠦᠲᠡᠨ ᠨᠦᠭᠦᠳ ᠤᠨ ᠠᠷᠠᠳ ᠲᠦᠮᠡᠨ ᠰᠠᠶ᠋ᠢ ᠥᠨᠥᠳᠥᠷ ᠤᠨ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠲᠠᠢ ᠪᠣᠯᠤᠭᠰᠠᠨ ᠢ ᠤᠯᠠᠨ ᠳᠤ ᠤᠯᠠᠮ ᠭᠦᠨᠵᠡᠭᠡᠢ ᠣᠶᠢᠯᠠᠭᠠᠭᠤᠯᠵᠠᠢ᠃       ᠲᠤᠰ ᠤᠳᠠᠭᠠᠨ ᠤ ᠭᠤᠣᠯ ᠰᠡᠳᠦᠪᠲᠦ ᠦᠵᠡᠭᠦᠯᠦᠯᠭᠡ ᠶᠢ ᠲᠣᠭᠤᠷᠢᠨ ᠦᠵᠡᠬᠦ ᠠᠵᠢᠯᠯᠠᠭ᠎ᠠ ᠪᠠᠷ ᠳᠡᠮᠵᠢᠨ᠂ ᠣᠯᠠᠨ ᠳᠤ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠲᠠᠨᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠰᠤᠷᠤᠯᠴᠠᠭᠰᠠᠨ ᠡᠷᠬᠢᠮ ᠨᠠᠨᠳᠢᠨ ᠮᠡᠳᠡᠯᠭᠡ ᠪᠠᠨ ᠠᠷᠠᠳ ᠲᠦᠮᠡᠨ ᠳᠤ ᠦᠢᠯᠡᠴᠢᠯᠡᠬᠦ ᠠᠵᠢᠯ ᠳᠤ ᠬᠡᠷᠡᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠪᠤᠭᠤᠲᠤ ᠶᠢᠨ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠪᠢᠴᠢᠭᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号