ᠴᠢᠩᠱᠠᠨ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠢ ᠶᠢᠨ ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠬᠦ ᠵᠦᠢᠯᠡᠰ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/3/28
      3 ᠰᠠᠷ᠎ᠠ ᠶᠢᠨ 27 ᠤ ᠡᠳᠦᠷ᠂ ᠴᠢᠩᠱᠠᠨ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠢ ᠶᠢᠨ ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠴᠢᠯᠦᠭᠡᠲᠦ ᠵᠠᠮ ᠤᠨ 9 ᠳ᠋ᠦ᠋ᠭᠡᠷ ᠨᠣᠮᠧᠷᠲᠤ ᠬᠥᠷᠰᠢ ᠵᠡᠷᠭᠡᠯᠡᠳᠡᠭᠡ ᠳᠤ ᠡᠬᠢᠯᠡᠪᠡ᠃ ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠳᠠ ᠶᠢᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠳᠠ ᠶᠢᠨ ᠬᠤᠩ ᠢᠦᠢ ᠢᠨᠵᠧᠨᠧᠷᠢᠩ ᠤᠨ ᠬᠢᠨᠠᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠵᠦᠩ ᠴᠧᠨ ᠬᠤᠩ ᠶᠤᠸᠠᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯᠲᠠᠨ ᠵᠢᠴᠢ ᠪᠠᠷᠢᠯᠭ᠎ᠠ ᠶᠢᠨ ᠠᠵᠢᠯᠲᠠᠳ ᠠᠵᠢᠯ ᠤᠨ ᠡᠬᠢᠯᠡᠯᠲᠡ ᠳᠤ ᠣᠷᠣᠯᠴᠠᠪᠠ᠃       ᠴᠢᠩᠱᠠᠨ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠢ ᠶᠢᠨ ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠪᠣᠯ ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽︿ᠪᠤᠭᠤᠲᠤ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠢᠲᠠᠮᠠᠬᠠᠢ ᠬᠡᠢ ᠶᠢᠨ ᠬᠤᠭᠤᠯᠠᠢ ᠶᠢᠨ ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾  ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2024 ᠣᠨ ᠳᠤ 8 ᠰᠢᠲᠠᠮᠠᠬᠠᠢ ᠬᠡᠢ ᠶᠢᠨ ᠬᠤᠭᠤᠯᠠᠢ ᠶᠢᠨ ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠥᠭᠡᠷᠡᠴᠢᠯᠡᠬᠦ ᠪᠠᠷ ᠲᠥᠯᠥᠪᠯᠡᠵᠦ᠂ ᠨᠡᠶᠢᠲᠡ 69 ᠵᠢᠵᠢᠭ ᠲᠣᠭᠤᠷᠢᠭ᠂ 80439 ᠡᠷᠦᠬᠡ ᠳᠤ ᠬᠤᠯᠪᠣᠭᠳᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠪᠠᠷᠢᠯᠭ᠎ᠠ ᠶᠢᠨ ᠤᠯᠠᠭᠠᠨ ᠱᠤᠭᠤᠮ ᠤᠨ ᠳᠣᠲᠣᠷᠠᠬᠢ ᠬᠦᠷᠢᠶ᠎ᠡ ᠬᠠᠰᠢᠶ᠎ᠠ ᠶᠢᠨ ᠳᠤᠮᠳᠠ᠂ ᠳᠣᠣᠷ᠎ᠠ ᠳᠠᠷᠤᠯᠲᠠᠲᠤ ᠰᠢᠲᠠᠮᠠᠬᠠᠢ ᠬᠡᠢ ᠶᠢᠨ ᠬᠤᠭᠤᠯᠠᠢ ᠪᠠ ᠭᠡᠷ ᠳᠣᠲᠣᠷᠠᠬᠢ ᠰᠢᠲᠠᠮᠠᠬᠠᠢ ᠬᠡᠢ ᠶᠢᠨ ᠬᠤᠭᠤᠯᠠᠢ ᠵᠢᠴᠢ ᠭᠡᠷ ᠳᠣᠲᠣᠷᠠᠬᠢ ᠰᠢᠲᠠᠮᠠᠬᠠᠢ ᠬᠡᠢ ᠶᠢᠨ ᠬᠡᠮᠵᠢᠭᠦᠷ᠂ ᠵᠤᠤᠬ᠎ᠠ ᠶᠢᠨ ᠵᠠᠯᠭᠠᠭᠤᠷ ᠤᠨ ᠵᠥᠭᠡᠯᠡᠨ ᠬᠤᠭᠤᠯᠠᠢ ᠵᠡᠷᠭᠡ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠪᠠᠭᠲᠠᠭᠠᠵᠤ᠂ ᠣᠳᠣᠬᠠᠨ ᠳᠤ 8 ᠲᠥᠷᠥᠯ ᠵᠦᠢᠯ ᠢ ᠨᠢᠭᠡᠨᠲᠡ ᠲᠠᠯᠠᠪᠠᠶ ᠳᠤ ᠣᠷᠣᠭᠤᠯᠤᠨ ᠪᠠᠷᠢᠵᠤ ᠪᠠᠶᠢᠨ᠎ᠠ᠃ ᠰᠢᠲᠠᠮᠠᠬᠠᠢ ᠬᠡᠢ ᠶᠢᠨ ᠬᠤᠭᠤᠯᠠᠢ ᠶᠢᠨ ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠨᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠮᠤᠷ ᠲᠦᠪᠰᠢᠨ ᠣᠷᠣᠨ ᠰᠠᠭᠤᠴᠠ ᠶᠢᠨ ᠬᠠᠨᠤᠮᠵᠢ ᠶᠢᠨ ᠬᠡᠮᠵᠢᠶ᠎ᠡ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠥᠷᠭᠡᠨ ᠣᠯᠠᠨ ᠲᠦᠮᠡᠨ ᠳᠤ ᠨᠠᠩ ᠠᠮᠤᠷ ᠲᠦᠪᠰᠢᠨ᠂ ᠨᠠᠩ ᠲᠠᠭᠠᠯᠠᠮᠵᠢᠲᠠᠢ᠂ ᠨᠠᠩ ᠳᠥᠭᠦᠮ ᠳᠥᠲᠡ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠶᠤᠮ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号