ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 27 ᠤ ᠴᠠᠭᠢᠯᠭᠠᠨ ᠮᠡᠳᠡᠭᠡ 3 ᠰᠠᠷ᠎ᠠ ᠶᠢᠨ 27 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠠᠵᠢᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠬᠤᠯᠠᠨᠳ᠋ ᠤᠨ ᠲᠡᠷᠢᠭᠦᠨ ᠰᠠᠶᠢᠳ ᠷᠦᠲ᠋ᠧ ᠲᠠᠢ ᠠᠭᠤᠯᠵᠠᠪᠠ᠃ | ᠰᠢ ᠶᠢᠨ ᠫᠢᠩ᠂ ᠣᠶᠢᠷ᠎ᠠ ᠶᠢᠨ ᠵᠢᠯ ᠠᠴᠠ᠂ ᠳᠤᠮᠳᠠᠳᠤ ᠬᠤᠯᠠᠨᠳ᠋ ᠤᠨ ᠬᠠᠷᠢᠯᠴᠠᠭ᠎ᠠ ᠲᠣᠭᠲᠠᠭᠤᠨ ᠢᠶᠠᠷ ᠲᠦᠷᠭᠡᠨ | ᠬᠥᠭᠵᠢᠵᠦ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠬᠤᠯᠠᠨᠳ᠋ ᠨᠢᠭᠡᠨᠲᠡ | ᠨᠡᠷ᠎ᠡ ᠨᠢᠳᠡᠷ ᠲᠡᠭᠡᠨ ᠨᠡᠶᠢᠴᠡᠭᠰᠡᠨ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ︽ᠡᠭᠦᠳᠡ ᠡᠷᠦᠭᠡ︾ ᠪᠣᠯᠵᠠᠢ᠃ ᠳᠤᠮᠳᠠᠳᠤ | ᠤᠯᠤᠰ ᠳᠤᠷᠠᠲᠠᠶ᠎ᠠ ᠬᠤᠯᠠᠨᠳ᠋ ᠤᠨ ᠬᠢᠨ ᠲᠠᠢ ᠡᠯ᠎ᠡ ᠳᠡᠰ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠣᠯᠣᠯᠴᠠᠭ᠎ᠠ | ᠶᠠᠷᠢᠯᠴᠠᠭ᠎ᠠ ᠪᠠᠨ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠵᠤ᠂ ᠳᠤᠮᠳᠠᠳᠤ | ᠬᠤᠯᠠᠨᠳ᠋ ᠤᠨ ᠨᠡᠭᠡᠭᠡᠯᠲᠡ ᠬᠢᠵᠦ ᠪᠣᠳᠠᠲᠠᠢ ᠶᠢ ᠡᠷᠬᠢᠮᠯᠡᠭᠰᠡᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠤᠨ ᠴᠢᠨᠠᠷ | ᠰᠠᠶᠢᠲᠠᠢ ᠲᠠᠸᠠᠷ ᠢ ᠣᠷᠣᠭᠤᠯᠬᠤ ᠬᠡᠪᠴᠢᠶ᠎ᠡ ᠪᠠᠨ ᠥᠷᠭᠡᠳᠬᠡᠨ᠎ᠡ᠂ ᠬᠤᠯᠠᠨᠳ᠋ ᠤᠨ ᠠᠵᠤ ᠠᠬᠤᠶᠢᠯᠠᠯ ᠤᠨ ᠳᠤᠮᠳᠠᠳᠤ | ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠪᠠᠰᠠ ᠬᠤᠯᠠᠨᠳ᠋ ᠤᠨ ᠬᠢᠨ ᠤ ᠳᠤᠮᠳᠠᠳᠤ ᠤᠯᠤᠰ ᠤᠨ | ᠠᠵᠤ ᠠᠬᠤᠶᠢᠯᠠᠯ ᠳᠤ ᠲᠥᠪ ᠭᠤᠣᠯᠴᠢ᠂ ᠢᠯᠡ ᠲᠣᠳᠣ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ | ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠥᠳᠡᠭᠡ ᠠᠵᠤ ᠠᠬᠤᠢ᠂ ᠤᠰᠤᠨ ᠠᠰᠢᠭᠯᠠᠯᠲᠠ᠂ ᠡᠨᠧᠷᠭᠢ ᠵᠡᠷᠭᠡ | ᠤᠯᠠᠮᠵᠢᠯᠠᠯᠲᠤ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠬᠤ ᠶᠢᠨ ᠬᠠᠮᠲᠤ ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠪᠤᠭᠤᠷᠤᠯᠴᠤᠳ ᠤᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭᠠᠨ ᠤ | ᠲᠠᠯᠳᠠ ᠬᠦᠴᠦᠨ ᠢ ᠠᠭᠤᠳᠠᠯᠤᠶ᠎ᠠ᠃ ᠬᠤᠶᠠᠷ ᠲᠠᠯ᠎ᠠ ᠪᠠᠷ ᠢᠶᠠᠨ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠨᠡᠩ | ᠤᠯᠠᠨ ᠠᠷᠭ᠎ᠠ ᠬᠡᠮᠵᠢᠶ᠎ᠡ ᠠᠪᠴᠤ᠂ ᠰᠤᠷᠭᠠᠨ ᠬᠥᠮᠦᠵᠢᠯ᠂ ᠰᠣᠶᠣᠯ ᠪᠣᠯᠣᠨ ᠠᠷᠠᠳ ᠤᠨ ᠬᠤᠭᠤᠷᠣᠨᠳᠣᠭᠢ ᠰᠣᠯᠢᠯᠴᠠᠭ᠎ᠠ ᠶᠢ | ᠵᠣᠷᠢᠭᠵᠢᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠯᠤᠭ᠎ᠠ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠪᠠᠶᠢᠭᠤᠯᠤᠮᠵᠢ ᠳᠠᠬᠢ | ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠵᠡᠷᠭᠡ ᠪᠦᠭᠦ ᠪᠥᠮᠪᠥᠷᠴᠡᠭ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠰᠠᠯᠬᠢᠨ ᠳᠤ ᠤᠴᠠᠷᠠᠬᠤ ᠮᠠᠭᠠᠳ᠂ ᠭᠡᠪᠡᠴᠦ | ᠲᠡᠦᠬᠡ ᠶᠢᠨ ᠶᠡᠭᠡ ᠬᠠᠨᠳᠤᠰᠢ ᠬᠤᠪᠢᠷᠠᠬᠤ ᠦᠭᠡᠢ ᠶᠤᠮ᠂ ︽ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠨᠢ | ᠭᠠᠷᠬᠤ ᠵᠠᠮ ᠦᠭᠡᠢ᠂ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠴᠤᠷ ᠤᠨ ᠭᠠᠭᠴᠠ ᠰᠣᠩᠭᠤᠯᠲᠠ ᠪᠣᠯᠣᠨ᠎ᠠ᠃ ᠨᠢᠭᠡ ᠨᠢ | ᠢᠯᠠᠪᠠᠯ ᠨᠦᠭᠦᠭᠡ ᠨᠢ ᠢᠯᠠᠭᠳᠠᠬᠤ᠂ ᠬᠠᠷ᠎ᠠ ᠪᠢᠰᠢ ᠪᠣᠯ ᠴᠠᠭᠠᠨ ᠪᠠᠶᠢᠬᠤ ᠭᠡᠬᠦ ᠬᠤᠶᠠᠷ ᠡᠰᠢᠲᠦ ᠡᠰᠡᠷᠭᠦᠴᠡᠯᠳᠦᠬᠦ ᠰᠡᠳᠬᠢᠬᠦᠢ | ᠠᠯᠢ ᠡᠷᠲᠡ ᠴᠠᠭ ᠠᠴᠠ ᠥᠩᠭᠡᠷᠡᠵᠡᠢ᠂ ᠵᠢᠩᠬᠢᠨᠢ ᠠᠮᠤᠷ ᠲᠦᠪᠰᠢᠨ ᠳᠡᠯᠡᠬᠡᠢ ᠶᠢᠷᠲᠢᠨᠴᠦ ᠪᠣᠯ ᠭᠦᠨ ᠠᠭᠤᠰᠤᠯᠴᠠᠭᠰᠠᠨ᠂ | ᠬᠠᠷᠢᠯᠴᠠᠨ ᠲᠦᠰᠢᠯᠴᠡᠭᠰᠡᠨ ᠳᠡᠯᠡᠬᠡᠢ ᠶᠢᠷᠲᠢᠨᠴᠦ ᠪᠠᠶᠢᠬᠤ ᠶᠣᠰᠣᠲᠠᠢ ᠭᠡᠵᠦ ᠳᠤᠮᠳᠠᠳᠤ ᠶᠢᠨ ᠲᠠᠯ᠎ᠠ ᠢᠮᠠᠭᠲᠠ ᠦᠵᠡᠭᠰᠡᠭᠡᠷ | ᠢᠷᠡᠪᠡ᠃ ᠵᠣᠷᠢᠭᠤᠳᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠬᠢᠯᠡᠯᠲᠡ ᠪᠣᠰᠬᠠᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢ ᠲᠠᠰᠤᠳᠠᠨ ᠰᠠᠯᠭᠠᠬᠤ ᠨᠢ ᠵᠥᠪᠭᠡᠨ ᠬᠠᠭᠠᠴᠠᠭᠤᠯᠬᠤ ᠪᠠ ᠡᠰᠡᠷᠭᠦᠴᠡᠯᠳᠦᠭᠦᠯᠬᠦ ᠳᠤ | ᠬᠦᠷᠦᠭᠦᠯᠳᠡᠭ᠃ ᠳᠤᠮᠳᠠᠳᠤ ᠤᠯᠤᠰ ᠤᠨ ᠠᠷᠠᠳ ᠲᠦᠮᠡᠨ ᠪᠠᠰᠠ ᠵᠦᠢ ᠶᠣᠰᠣᠨ ᠤ ᠬᠥᠭᠵᠢᠯᠲᠡ ᠶᠢᠨ ᠡᠷᠬᠡ ᠲᠠᠢ᠂ ᠶᠠᠮᠠᠷᠪᠠ | ᠬᠦᠴᠦᠨ ᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠲᠠᠪᠰᠢᠯᠳᠠ ᠶᠢᠨ | ᠠᠯᠬᠤᠴᠠ ᠶᠢ ᠬᠤᠷᠢᠭᠯᠠᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠢᠮᠠᠭᠲᠠ ᠬᠠᠮᠲᠤ ᠪᠠᠷ ᠠᠰᠢᠭ ᠭᠦᠷᠳᠡᠭᠦ | ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠵᠦ᠂ | ᠡᠯ᠎ᠡ ᠲᠠᠯ᠎ᠠ ᠶᠢᠨ ᠬᠢᠨ ᠲᠠᠢ ᠬᠥᠭᠵᠢᠯᠲᠡ ᠶᠢᠨ ᠠᠰᠢᠭ ᠢ ᠬᠠᠮᠲᠤ ᠪᠠᠷ ᠡᠳ᠋ᠯᠡᠨ᠎ᠡ᠃ ᠳᠤᠮᠳᠠᠳᠤ ᠤᠯᠤᠰ ᠤᠨ ᠡᠸᠦ᠋ᠷᠦᠫᠡ | ᠲᠢᠪ ᠲᠤ ᠠᠪᠬᠤ ᠲᠦᠷᠦ ᠶᠢᠨ ᠪᠣᠳᠣᠯᠭ᠎ᠠ ᠦᠷᠭᠦᠯᠵᠢᠯᠡᠨ ᠲᠣᠭᠲᠠᠭᠤᠨ ᠪᠠᠶᠢᠵᠤ᠂ ᠡᠸᠦ᠋ᠷᠦᠫᠡ ᠲᠢᠪ ᠢ ᠤᠯᠠᠨ ᠲᠦᠢᠯᠲᠤ | ᠳᠡᠯᠡᠬᠡᠢ ᠶᠢᠨ ᠴᠢᠬᠤᠯᠠ ᠨᠢᠭᠡ ᠲᠦᠢᠯ ᠪᠠ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠨ᠎ᠡ᠃ ᠬᠤᠯᠠᠨᠳ᠋ ᠤᠨ ᠬᠢᠨ ᠤ ᠳᠤᠮᠳᠠᠳᠤ | ᠡᠸᠦ᠋ᠷᠦᠫᠡ ᠶᠢᠨ ᠣᠶᠢᠯᠠᠭᠠᠯᠴᠠᠭ᠎ᠠ ᠶᠢ ᠠᠬᠢᠭᠤᠯᠬᠤ᠂ ᠪᠦᠲᠦᠭᠡᠯᠴᠢ ᠴᠢᠨᠠᠷᠲᠠᠢ ᠬᠠᠷᠢᠯᠴᠠᠭ᠎ᠠ ᠶᠢ ᠬᠥᠭᠵᠢᠭᠦᠯᠬᠦ ᠳᠤ | ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠷᠦᠲ᠋ᠧ᠂ 2013 ᠣᠨ ᠳᠤ ᠪᠢ ᠲᠡᠷᠢᠭᠦᠨ ᠰᠠᠶᠢᠳ ᠤᠨ ᠬᠤᠪᠢ ᠪᠠᠷ ᠠᠩᠬ᠎ᠠ ᠤᠳᠠᠭ᠎ᠠ ᠳᠤᠮᠳᠠᠳᠤ ᠤᠯᠤᠰ ᠲᠤ | ᠠᠶᠢᠯᠴᠢᠯᠠᠵᠤ᠂ ᠢᠯᠠᠩᠭᠤᠶ᠎ᠠ 2014 ᠣᠨ ᠳᠤ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠬᠤᠯᠠᠨᠳ᠋ ᠳᠤᠮᠳᠠᠳᠤ ᠶᠢᠨ | ᠨᠡᠭᠡᠭᠡᠯᠲᠡᠲᠡᠢ ᠪᠣᠳᠠᠲᠠᠢ ᠶᠢ ᠡᠷᠬᠢᠮᠯᠡᠭᠰᠡᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ | ᠨᠡᠶᠢᠲᠡᠯᠡᠭᠰᠡᠨ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠪᠠᠨ ᠪᠠᠲᠤᠯᠠᠵᠤ᠂ | ᠠᠷᠠᠯᠵᠢᠶᠠᠨ ᠤ ᠬᠡᠮᠵᠢᠶ᠎ᠡ ᠬᠤᠶᠠᠷ ᠲᠠᠭᠢᠨ ᠨᠡᠮᠡᠭᠳᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠯᠤᠲᠤ ᠶᠡᠭᠡ ᠲᠠᠯᠳᠠ ᠬᠦᠴᠦᠨ | ᠪᠠ ᠠᠯᠤᠰ ᠢᠷᠡᠭᠡᠳᠦᠢ ᠲᠠᠢ ᠪᠣᠯᠵᠠᠢ᠃ ︽ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠨᠢ ᠬᠤᠯᠠᠨᠳ᠋ ᠤᠨ | ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠰᠣᠩᠭᠤᠯᠲᠠ ᠪᠢᠰᠢ᠂ ᠤᠴᠢᠷ ᠨᠢ ᠳᠤᠮᠳᠠᠳᠤ ᠤᠯᠤᠰ ᠤᠨ | ᠬᠥᠭᠵᠢᠯᠲᠡ ᠶᠢᠨ ᠠᠰᠢᠭ ᠲᠤᠰᠠ ᠶᠢ ᠬᠤᠬᠢᠷᠠᠭᠤᠯᠬᠤ ᠶᠠᠮᠠᠷᠪᠠ ᠠᠵᠢᠯᠯᠠᠭ᠎ᠠ ᠨᠢ ᠪᠦᠷ ᠥᠪᠡᠷ ᠤᠨ ᠪᠡᠶ᠎ᠡ ᠪᠠᠨ ᠬᠤᠬᠢᠷᠠᠭᠤᠯᠬᠤ | ᠪᠣᠯᠣᠨ᠎ᠠ᠃ ᠳᠤᠮᠳᠠᠳᠤ ᠶᠢᠨ ᠲᠠᠯ᠎ᠠ ᠶᠢᠨ ᠬᠢᠨ ᠤ ᠬᠤᠯᠠᠨᠳ᠋ ᠤᠨ ᠠᠷᠠᠳ ᠢᠷᠭᠡᠨ ᠤ ᠳᠤᠮᠳᠠᠳᠤ ᠤᠯᠤᠰ ᠲᠤ ᠢᠷᠡᠬᠦ ᠳᠤ 15 | ᠡᠳᠦᠷ ᠤᠨ ᠸᠢᠰᠠ ᠠᠪᠬᠤ ᠦᠭᠡᠢ ᠬᠠᠷᠠᠭᠠᠯᠵᠠᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠬᠤᠯᠠᠨᠳ᠋ ᠤᠨ ᠬᠢᠨ ᠳᠤᠮᠳᠠᠳᠤ | ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠪᠠᠨ ᠨᠠᠨᠳᠢᠩᠨᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠨᠢᠲᠠᠨ ᠤ | ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ ᠠᠵᠤ ᠠᠬᠤᠢ | ᠠᠷᠠᠯᠵᠢᠶ᠎ᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠲᠠᠯᠠᠪᠤᠷ ᠵᠢᠴᠢ ᠳᠡᠯᠡᠬᠡᠢ ᠶᠢᠨ ᠪᠠ ᠭᠠᠵᠠᠷ | ᠣᠷᠣᠨ ᠤ ᠬᠠᠯᠠᠮᠰᠢᠯ ᠠᠰᠠᠭᠤᠳᠠᠯ ᠤᠨ ᠲᠠᠯ᠎ᠠ ᠪᠠᠷ ᠬᠢ ᠣᠯᠣᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠤᠨ᠎ᠠ ᠭᠡᠵᠦ | ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ |