3 ᠰᠠᠷ᠎ᠠ ᠶᠢᠨ 27 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠷᠢ ᠯᠠᠨᠺᠠ ᠶᠢᠨ | ᠶᠡᠷᠦᠩᠬᠡᠢ ᠰᠠᠶᠢᠳ ᠭᠦᠨᠠᠸᠠᠳᠧᠨᠠ ᠲᠠᠢ ᠠᠭᠤᠯᠵᠠᠪᠠ᠃ | | | | | ᠰᠢ ᠶᠢᠨ ᠫᠢᠩ᠂ ᠳᠤᠮᠳᠠᠳᠤ ᠰᠷᠢ ᠯᠠᠨᠺᠠ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠬᠤᠶᠠᠷ ᠤᠯᠤᠰ ᠤᠨ | ᠠᠷᠠᠳ ᠲᠦᠮᠡᠨ ᠲᠥᠷᠥᠯᠬᠢ ᠶᠢᠨ ᠳᠣᠲᠣᠨᠣ ᠰᠡᠳᠬᠢᠯᠭᠡ ᠲᠠᠢ ᠶᠤᠮ᠃ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢ | ᠰᠠᠶᠢᠲᠤᠷ ᠪᠠᠬᠢᠵᠢᠭᠦᠯᠦᠨ ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ | ᠪᠣᠯᠣᠨ ᠬᠠᠮᠲᠤ ᠶᠢᠨ ᠬᠦᠰᠡᠯ ᠡᠷᠡᠮᠡᠯᠵᠡᠯ ᠲᠠᠢ ᠨᠡᠶᠢᠴᠡᠨ᠎ᠡ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠬᠢᠨ ᠲᠠᠢ | ᠬᠠᠮᠲᠤ ᠪᠠᠷ ︽ᠲᠤᠰᠠᠭᠠᠷ ᠲᠣᠭᠲᠠᠨᠢᠵᠤ ᠥᠪᠡᠷ ᠢ ᠪᠠᠨ ᠬᠦᠴᠦᠷᠬᠡᠭᠵᠢᠭᠦᠯᠬᠦ᠂ ᠪᠦᠯᠬᠦᠮᠳᠡᠨ ᠬᠠᠪᠰᠤᠷᠤᠯᠴᠠᠬᠤ︾ ᠶᠢᠨ | ︽ᠲᠤᠲᠤᠷᠭ᠎ᠠ ᠭᠤᠮ ᠤᠨ ᠰᠣᠯᠢᠯᠴᠠᠭᠠᠨ ᠤ ᠵᠥᠪᠳᠡᠯᠴᠡᠭᠡᠷ︾ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ | ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠰᠷᠢ ᠯᠠᠨᠺᠠ ᠶᠢᠨ ᠴᠢᠩ ᠦᠨᠡᠨᠴᠢ ᠪᠠᠷ ᠬᠠᠷᠢᠯᠴᠠᠨ | ᠬᠠᠪᠰᠤᠷᠤᠯᠴᠠᠬᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠬᠢᠨ ᠰᠷᠢ ᠯᠠᠨᠺᠠ ᠶᠢᠨ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ | ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ᠂ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ᠂ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ | ᠬᠠᠮᠲᠤ ᠪᠠᠷ ᠴᠢᠷᠮᠠᠶᠢᠵᠤ ᠪᠠᠶᠢᠭᠠᠳ ︽ᠨᠢᠭᠡ ᠪᠦᠰᠡ ᠨᠢᠭᠡ ᠵᠠᠮ︾᠂ ᠣᠨᠴᠠᠭᠠᠶᠢᠯᠠᠨ ᠺᠣᠯᠤᠮᠪᠤ ᠶᠢᠨ ᠭᠠᠷᠠᠮ ᠤᠨ ᠬᠤᠳᠠ ᠪᠣᠯᠣᠨ | ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠬᠤᠶᠠᠷ ᠶᠡᠭᠡ ᠵᠢᠯᠤᠭᠤᠳᠬᠤ ᠲᠦᠷᠦᠯ ᠵᠦᠢᠯ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠠᠷᠠᠭᠠᠨ ᠤ ᠭᠦᠢᠯᠭᠡᠭᠡ᠂ ᠡᠨᠧᠷᠭᠢ᠂ ᠠᠵᠤ ᠦᠢᠯᠡᠰ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠴᠡᠪᠡᠷ | ᠡᠨᠧᠷᠭᠢ᠂ ᠰᠣᠶᠣᠯ ᠵᠢᠭᠤᠯᠴᠢᠯᠠᠯ᠂ ᠲᠠᠯᠠᠢ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠣᠨᠴᠠᠯᠢᠭᠲᠤ ᠴᠢᠨᠠᠷ ᠰᠠᠶᠢᠲᠠᠢ ᠦᠢᠯᠡᠳᠬᠦᠨ ᠢ ᠬᠢᠯᠢ ᠪᠠᠷ | ᠣᠷᠣᠭᠤᠯᠬᠤ ᠶᠢ ᠦᠷᠭᠦᠯᠵᠢᠯᠡᠨ ᠥᠷᠭᠡᠳᠬᠡᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠷᠢ ᠯᠠᠨᠺᠠ ᠳᠤ ᠬᠦᠷᠴᠦ | ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠂ ᠰᠷᠢ ᠯᠠᠨᠺᠠ ᠶᠢᠨ ᠬᠢᠨ ᠡᠷᠬᠡ ᠲᠡᠭᠰᠢ᠂ ᠢᠯᠡ ᠲᠣᠳᠣ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠰᠷᠢ | ᠯᠠᠨᠺᠠ ᠶᠢᠨ ᠬᠢᠨ ᠲᠠᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠪᠠᠨ | ᠴᠢᠩᠭᠠᠳᠬᠠᠵᠤ᠂ ᠰᠷᠢ ᠯᠠᠨᠺᠠ ᠶᠢᠨ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠬᠦ ᠪᠠ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ | ᠲᠠᠪᠤᠨ ᠵᠠᠷᠴᠢᠮ ᠢ ᠤᠯᠠᠮ ᠴᠢᠨᠠᠭᠰᠢᠳᠠ ᠪᠠᠳᠠᠷᠠᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ | ᠬᠠᠮᠵᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠷᠢ ᠯᠠᠨᠺᠠ ᠶᠢᠨ ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠰᠠᠶᠢᠲᠤᠷ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ᠃ | ᠭᠦᠨᠠᠸᠠᠳᠧᠨᠠ᠂ ᠰᠷᠢ ᠯᠠᠨᠺᠠ ᠳᠤᠮᠳᠠᠳᠤ ᠤᠯᠤᠰ ᠤᠯᠠᠮᠵᠢᠯᠠᠯᠲᠤ ᠨᠥᠬᠦᠷᠯᠡᠯ ᠲᠠᠢ ᠶᠤᠮ᠃ ᠰᠷᠢ ᠯᠠᠨᠺᠠ ᠶᠢᠨ ᠬᠢᠨ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠤᠬᠳᠦ ᠭᠤᠶᠢᠪᠢᠰᠢ ᠦᠭᠡᠢ ᠵᠢᠷᠤᠮᠯᠠᠵᠤ᠂ ᠳᠤᠮᠳᠠᠳᠤ ᠤᠯᠤᠰ ᠯᠤᠭ᠎ᠠ ᠶᠢᠨ ᠨᠥᠭᠦᠷᠰᠡᠭ | ᠬᠠᠮᠲᠤᠷᠠᠯᠴᠠᠭᠠᠨ ᠤ ᠲᠦᠷᠦ ᠶᠢᠨ ᠪᠣᠳᠣᠯᠭ᠎ᠠ ᠶᠢ ᠤᠬᠳᠦ ᠭᠤᠶᠢᠪᠢᠰᠢ ᠦᠭᠡᠢ ᠬᠡᠷᠡᠭᠵᠢᠭᠦᠯᠵᠦ᠂ ᠳᠤᠮᠳᠠᠳᠤ ᠤᠯᠤᠰ ᠢ | ᠢᠮᠠᠭᠲᠠ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠪᠠ᠃ ᠰᠷᠢ ᠯᠠᠨᠺᠠ ᠶᠢᠨ ᠬᠦᠴᠢᠷᠳᠡᠯ ᠲᠠᠢ ᠦᠶ᠎ᠡ ᠳᠤ | ᠳᠤᠮᠳᠠᠳᠤ ᠤᠯᠤᠰ ᠢᠮᠠᠭᠲᠠ ᠴᠠᠭ ᠲᠤᠬᠠᠢ ᠳᠤᠨᠢ ᠲᠤᠰᠠᠯᠠᠮᠵᠢ ᠦᠵᠡᠭᠦᠯᠳᠡᠭ ᠢ ᠰᠷᠢ ᠯᠠᠨᠺᠠ ᠶᠢᠨ ᠬᠢᠨ ᠮᠠᠷᠲᠠᠬᠤ ᠦᠭᠡᠢ | ᠶᠤᠮ᠂ ᠰᠷᠢ ᠯᠠᠨᠺᠠ ᠳᠤᠮᠳᠠᠳᠤ ᠤᠯᠤᠰ ᠪᠣᠯ ᠬᠤᠪᠢ ᠵᠠᠶᠠᠭ᠎ᠠ ᠪᠠᠨ ᠬᠠᠮᠲᠤᠳᠬᠠᠭᠰᠠᠨ ᠵᠣᠪᠠᠭᠤᠷᠢ ᠵᠦᠳᠡᠭᠦᠷᠢ ᠪᠠᠨ | ᠬᠠᠮᠲᠤᠳᠬᠠᠭᠰᠠᠨ ᠨᠠᠶᠢᠵᠠ ᠮᠥᠨ᠃ ᠺᠣᠯᠤᠮᠪᠤ ᠶᠢᠨ ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠵᠡᠷᠭᠡ ᠲᠦᠷᠦᠯ ᠵᠦᠢᠯ ᠨᠢ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠢᠯ ᠤᠨ | ᠶᠡᠭᠡ ᠪᠠᠷ ᠬᠥᠭᠵᠢᠭᠡᠵᠦ᠂ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢ ᠴᠦ ᠬᠦᠴᠦᠲᠡᠢ ᠠᠬᠢᠭᠤᠯᠤᠭᠰᠠᠨ | ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠪᠠ ᠢᠳᠡᠪᠬᠢ ᠬᠦᠴᠦᠨ ᠨᠡᠮᠡᠷᠢᠯᠡᠵᠡᠢ᠂ | ᠰᠷᠢ ᠯᠠᠨᠺᠠ ᠶᠢᠨ ᠬᠢᠨ ᠢᠳᠡᠪᠬᠢᠲᠡᠢ ᠣᠷᠣᠯᠴᠠᠨ ᠳᠡᠮᠵᠢᠨ᠎ᠠ ᠭᠡᠵᠦ ᠢᠯᠡᠳᠬᠡᠪᠡ᠃ ᠰᠷᠢ ᠯᠠᠨᠺᠠ ᠶᠢᠨ ᠬᠢᠨ ᠳᠤᠷᠠᠲᠠᠶ᠎ᠠ | ᠦᠷᠭᠦᠯᠵᠢᠯᠡᠨ ᠳᠤᠮᠳᠠᠳᠤ ᠤᠯᠤᠰ ᠯᠤᠭ᠎ᠠ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ | ᠪᠠᠳᠠᠷᠠᠭᠤᠯᠵᠤ᠂ ᠰᠷᠢ ᠯᠠᠨᠺᠠ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠠᠵᠤ ᠠᠬᠤᠢ ᠠᠷᠠᠯᠵᠢᠶ᠎ᠠ᠂ ᠰᠤᠷᠭᠠᠨ ᠬᠥᠮᠦᠵᠢᠯ᠂ ᠵᠢᠭᠤᠯᠴᠢᠯᠠᠯ᠂ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠤᠯᠠᠨ | ᠤᠯᠤᠰ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠤᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ |