ᠪᠤᠭᠤᠲᠤ ᠶᠢᠨ ᠶᠣᠣ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 16GW ᠬᠡᠷᠡᠯ ᠴᠡᠨᠡᠭ ᠤᠨ ᠳ᠋ᠢᠶᠠᠨ ᡂᠢ ᠢᠯᠲᠠᠰᠤ ᠶᠢᠨ ᠦᠢᠯᠡᠳᠪᠦᠷᠢ ᠶᠢᠨ ᠲᠠᠰᠤᠭ ᠤᠨ ᠣᠷᠣᠯᠠᠨ ᠪᠠᠶᠢᠭᠤᠯᠬᠤ ᠲᠥᠷᠥᠯ ᠵᠦᠢᠯ ᠬᠢᠭᠡᠳ ᠪᠠᠩᠬᠢ ᠶᠢᠨ ᠪᠦᠯᠦᠭᠯᠡᠯ ᠤᠨ 10 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠠᠮᠲᠤᠷᠠᠯᠴᠠᠭᠠᠨ ᠤ ᠬᠡᠯᠡᠯᠴᠡᠭᠡᠷ ᠠᠮᠵᠢᠯᠲᠠ ᠲᠠᠢ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/3/28
      3 ᠰᠠᠷ᠎ᠠ ᠶᠢᠨ 26 ᠤ ᠡᠳᠦᠷ᠂ ᠴᠢᠩᠱᠠᠨ ᠲᠣᠭᠤᠷᠢᠭ ᠤᠨ ᠬᠠᠷᠢᠶᠠᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠤᠭᠤᠲᠤ ᠶᠢᠨ ᠶᠣᠣ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 16GW ᠬᠡᠷᠡᠯ ᠴᠡᠨᠡᠭ ᠤᠨ ᠳ᠋ᠢᠶᠠᠨ ᡂᠢ ᠶᠢᠨ ᠦᠢᠯᠡᠳᠪᠦᠷᠢ ᠶᠢᠨ ᠲᠠᠰᠤᠭ ᠤᠨ ᠣᠷᠣᠯᠠᠨ ᠪᠠᠶᠢᠭᠤᠯᠬᠤ ᠲᠥᠷᠥᠯ ᠵᠦᠢᠯ ᠬᠢᠭᠡᠳ ᠪᠠᠩᠬᠢ ᠶᠢᠨ ᠪᠦᠯᠦᠭᠯᠡᠯ ᠤᠨ 10 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠠᠮᠲᠤᠷᠠᠯᠴᠠᠭᠠᠨ ᠤ ᠬᠡᠯᠡᠯᠴᠡᠭᠡᠷ  ᠠᠮᠵᠢᠯᠲᠠ ᠲᠠᠢ ᠪᠠᠷ ᠭᠡᠷ᠎ᠡ ᠲᠣᠭᠲᠠᠵᠤ᠂ ᠲᠣᠰ ᠲᠥᠷᠥᠯ ᠵᠦᠢᠯ ᠤᠨ ᠪᠠᠩᠬᠢ ᠶᠢᠨ ᠪᠦᠯᠦᠭᠯᠡᠯ ᠢ ᠰᠢᠩ ᠶᠧ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠪᠠᠷ ᠲᠦᠷᠦᠭᠦᠯᠡᠭᠦᠯᠦᠨ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ᠂ ᠮᠧᠩ ᠱᠠᠩ ᠪᠠᠩᠬᠢ᠂ ᠥᠪᠥᠷ ᠮᠣᠩᠭᠤᠯ ᠤᠨ ᠪᠠᠩᠬᠢ ᠬᠠᠮᠲᠤ ᠪᠠᠷ ᠣᠷᠣᠯᠴᠠᠵᠠᠢ᠃       ᠲᠤᠰ ᠲᠥᠷᠥᠯ ᠵᠦᠢᠯ ᠪᠣᠯ ᠪᠦᠬᠦ ᠬᠤᠲᠠ ᠶᠢᠨ ᠠᠩᠬᠠᠳᠠᠭᠴᠢ ᠭᠡᠷᠡᠯ ᠴᠡᠨᠡᠭ ᠤᠨ ᠳ᠋ᠢᠶᠠᠨ ᡂᠢ ᠢᠯᠲᠠᠰᠤ ᠶᠢᠨ ᠲᠥᠷᠥᠯ ᠵᠦᠢᠯ ᠪᠣᠯᠣᠨ᠎ᠠ᠂ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠪᠣᠯᠣᠨ ᠪᠤᠭᠤᠲᠤ ᠶᠢᠨ ᠶᠣᠣ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠠᠴᠠ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠬᠠᠮᠲᠤᠪᠠᠷ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 55 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠦᠢᠯᠡᠳᠪᠦᠷᠢ ᠶᠢᠨ ᠭᠡᠷ ᠪᠠᠶᠢᠰᠢᠩ ᠤᠨ ᠣᠷᠣᠯᠠᠨ ᠪᠠᠶᠢᠭᠤᠯᠬᠤ ᠬᠡᠰᠡᠭ ᠤᠨ ᠪᠡᠯᠡ ᠣᠷᠣᠭᠤᠯᠤᠯᠲᠠ ᠨᠢ 12.5 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠲᠥᠯᠦᠪᠵᠢᠭᠦᠯᠭᠡ ᠶᠢᠨ ᠬᠡᠷᠡᠭᠯᠡᠬᠦ ᠭᠠᠵᠠᠷ ᠤᠨ ᠲᠠᠯᠠᠪᠠᠢ ᠨᠢ ᠪᠠᠷᠤᠭ 550 ᠮᠦ᠂ ᠪᠠᠷᠢᠯᠭ᠎ᠠ ᠶᠢᠨ ᠲᠠᠯᠠᠪᠠᠢ  ᠨᠢ ᠪᠠᠷᠤᠭ 25 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠦᠷᠳᠡᠭ ᠢ 80 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ ᠪᠤᠢ᠃       ᠲᠣᠰ ᠲᠥᠷᠥᠯ ᠵᠦᠢᠯ ᠨᠢ ︽ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢᠶᠠᠷ ᠲᠦᠷᠦᠭᠦᠯᠡᠭᠦᠯᠦᠨ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠬᠠᠮᠲᠤ ᠪᠠᠷ ᠪᠠᠶᠢᠭᠤᠯᠵᠤ᠂ ᠮᠥᠩᠭᠦᠨ ᠭᠦᠢᠯᠭᠡᠭᠡᠨ ᠢᠶᠠᠷ ᠬᠦᠴᠦᠨ ᠨᠡᠮᠡᠷᠢᠯᠡᠵᠦ᠂ ᠬᠤᠭᠤᠴᠠᠭ᠎ᠠ ᠬᠤᠪᠢᠶᠠᠨ ᠪᠤᠴᠠᠭᠠᠨ ᠬᠤᠳᠠᠯᠳᠤᠨ ᠠᠪᠬᠤ︾ ᠬᠤᠳᠠᠯᠳᠤᠭᠠᠴᠢᠨ ᠤᠷᠢᠬᠤ ᠵᠠᠭᠪᠤᠷ ᠤᠨ ᠰᠢᠨ᠎ᠡ ᠶᠢ ᠡᠭᠦᠳᠴᠦ᠂ ᠡᠨᠡ ᠪᠣᠯ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠠᠩ ᠥᠨᠳᠥᠷ ᠲᠠᠰ ᠤᠨ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠲᠠ︾ ᠶᠢ ᠴᠣᠭᠴᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃        ᠲᠤᠰ ᠤᠳᠠᠭ᠎ᠠ ᠶᠢᠨ ᠭᠡᠷ᠎ᠡ ᠲᠣᠭᠲᠠᠭᠰᠠᠨ ᠨᠢ 16GW ᠬᠡᠷᠡᠯ ᠴᠡᠨᠡᠭ ᠤᠨ ᠳ᠋ᠢᠶᠠᠨ ᡂᠢ ᠶᠢᠨ ᠦᠢᠯᠡᠳᠪᠦᠷᠢ ᠶᠢᠨ ᠪᠠᠶᠢᠰᠢᠩ ᠤᠨ ᠣᠷᠣᠯᠠᠨ ᠪᠠᠶᠢᠭᠤᠯᠬᠤ ᠲᠦᠷᠦᠯ ᠵᠦᠢᠯ ᠤᠨ 10 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠵᠢᠩᠬᠢᠨᠢ ᠪᠠᠷ ᠨᠠᠶᠢᠳᠠᠪᠤᠷᠢᠵᠢᠭᠤᠯᠤᠭᠰᠠᠨ ᠢ ᠬᠠᠷᠠᠭᠤᠯᠵᠤ᠂ ᠵᠠᠰᠠᠭ᠂ ᠪᠠᠩᠬᠢ᠂ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠰᠢᠨ᠎ᠡ ᠭᠠᠷᠤᠭ᠎ᠠ ᠶᠢ ᠨᠡᠭᠡᠭᠡᠵᠦ᠂ ᠮᠥᠨᠴᠦ ᠮᠠᠨ ᠤ ᠬᠤᠳᠠ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠡᠷᠲᠡᠬᠡᠨ ᠪᠤᠴᠠᠵᠤ ᠢᠷᠡᠬᠦ ᠶᠢ ᠠᠬᠢᠭᠤᠯᠵᠤ᠂ ᠪᠤᠭᠤᠲᠤ ᠶᠢᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号