1—2 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠬᠦᠴᠦᠲᠡᠢ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2024/3/29
      1 — 2 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢ ᠲᠠᠰᠤᠷᠠᠯᠲᠠ ᠦᠭᠡᠢ ᠨᠡᠮᠡᠭᠳᠡᠭᠦᠯᠪᠡ᠃       2 ᠳ᠋ᠤᠭᠠᠷ ᠰᠠᠷ᠎ᠠ ᠪᠣᠯᠲᠠᠯ᠎ᠠ᠂ ᠪᠥᠬᠦ ᠲᠤᠭᠤᠷᠢᠭ ᠤᠨ  ᠬᠡᠪᠴᠢᠶᠡᠵᠢᠯ ᠠᠴᠠ ᠳᠡᠭᠡᠭᠰᠢᠬᠢ 75 ᠠᠵᠤ ᠠᠬᠤᠶᠢᠯᠠᠯ ᠪᠠ 33 ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 5.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 7.8 ᠵᠠᠭᠤᠨ ᠤ ᠨᠢᠭᠡᠴᠢ ᠳᠡᠭᠡᠭᠰᠢᠯᠡᠵᠡᠢ᠂ ᠡᠭᠦᠨ ᠳᠤ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠎ ᠬᠢ ᠠᠴᠠ 286.0% ᠨᠡᠮᠡᠭᠳᠡᠵᠦ᠂ ᠰᠤᠷᠭᠠᠨ ᠬᠥᠮᠦᠵᠢᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 56.9% ᠨᠡᠮᠡᠭᠳᠡᠵᠦ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 35.1% ᠨᠡᠮᠡᠭᠳᠡᠵᠡᠢ᠃       108 ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 540 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 191 ᠲᠦᠮᠡᠨ ᠲᠥᠭᠦᠷᠢᠭ ᠨᠡᠮᠡᠭᠳᠡᠨ᠂ ᠠᠰᠢᠭ ᠬᠤᠨᠵᠢᠪᠤᠷᠢ ᠶᠢᠨ ᠨᠣᠷᠮ᠎ᠠ 0.7% ᠪᠠᠶᠢᠭᠰᠠᠨ ᠠᠴᠠ ᠪᠠᠨ 0.9% ᠪᠣᠯᠣᠨ ᠳᠡᠭᠡᠭᠰᠢᠯᠡᠵᠦ᠂ ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ︔ ᠲᠤᠰᠢᠶᠠᠬᠤ ᠶᠣᠰᠣᠲᠠᠢ ᠥᠷᠲᠡᠭ ᠨᠡᠮᠡᠭᠳᠡᠯ ᠤᠨ ᠭᠠᠶᠢᠯᠢ ᠶᠢ 0.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.9%᠎ ᠪᠠᠷ ᠨᠡᠮᠡᠭᠳᠡᠨ᠂ ᠥᠭᠬᠦ ᠶᠣᠰᠣᠲᠠᠢ ᠠᠵᠢᠯᠲᠠᠨ ᠠᠵᠢᠯᠴᠢᠨ ᠤ ᠴᠠᠯᠢᠩ ᠬᠥᠯᠥᠰᠦ ᠶᠢ 1.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20%᠎ ᠪᠠᠷ ᠨᠡᠮᠡᠭᠳᠡᠨ᠂ 16971 ᠠᠵᠢᠯ ᠦᠢᠯᠡᠰ ᠤᠨ ᠠᠵᠢᠯᠲᠠᠨ ᠢ ᠳᠠᠶᠢᠴᠢᠯᠠᠨ᠂ ᠠᠳᠠᠯᠢ ᠬᠤᠭᠤᠴᠠᠭᠠᠨ ᠤ ᠬᠢ ᠠᠴᠠ 4.4%᠎ ᠪᠠᠷ ᠨᠡᠮᠡᠭᠳᠡᠪᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号