ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢᠭᠡᠳᠦᠭᠡᠷ ᠤᠯᠠᠷᠢᠯ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 602.28 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/3/29
      2024 ᠣᠨ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠶᠠᠳᠠᠭᠤ ᠬᠦᠴᠢᠷᠳᠡᠯᠲᠡᠢ ᠬᠠᠮᠲᠤᠯᠢᠭ ᠤᠨ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠨᠢᠭᠡᠳᠦᠭᠡᠷ ᠤᠯᠠᠷᠢᠯ ᠤᠨ ᠡᠯ᠎ᠡ ᠲᠦᠷᠦᠯ ᠤᠨ ᠬᠠᠮᠲᠤᠯᠢᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠳᠡ 602.28 ᠲᠦᠮᠡᠨ ᠲᠥᠭᠦᠷᠢᠭ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠲᠠᠷᠬᠠᠭᠠᠵᠠᠢ᠃ ᠡᠭᠦᠨ ᠳᠤ᠂ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠪᠡᠯᠡ ᠮᠥᠩᠭᠦ 168.27 ᠲᠦᠮᠡᠨ ᠲᠥᠭᠦᠷᠢᠭ᠂ ᠥᠨᠥᠴᠢᠨ ᠬᠡᠦᠬᠡᠳ ᠢ ᠠᠰᠠᠷᠠᠨ ᠬᠥᠮᠥᠵᠢᠭᠦᠯᠬᠦ ᠪᠡᠯᠡ ᠮᠥᠩᠭᠦ 23.19 ᠲᠦᠮᠡᠨ ᠲᠥᠭᠦᠷᠢᠭ᠂ ᠬᠤᠲᠠ ᠶᠢᠨ ᠣᠨᠴᠠ ᠬᠦᠴᠢᠷᠳᠡᠯᠲᠡᠢ ᠠᠰᠠᠷᠠᠨ ᠲᠡᠵᠢᠭᠡᠭᠴᠢᠳ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ 70.69 ᠲᠦᠮᠡᠨ ᠲᠥᠭᠦᠷᠢᠭ᠂ ᠬᠦᠴᠢᠷᠳᠡᠯᠲᠡᠢ ᠬᠠᠮᠲᠤᠯᠢᠭ ᠤᠨ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠪᠡᠯᠡ ᠮᠥᠩᠭᠦ 3.7 ᠲᠦᠮᠡᠨ ᠲᠥᠭᠦᠷᠢᠭ᠂ ᠬᠦᠴᠢᠷᠳᠡᠯᠲᠡᠢ ᠬᠠᠮᠲᠤᠯᠢᠭ ᠤᠨ ᠴᠠᠭᠠᠨ ᠰᠠᠷ᠎ᠠ ᠶᠢᠨ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ 64.35 ᠲᠦᠮᠡᠨ ᠲᠥᠭᠦᠷᠢᠭ᠂ ᠬᠦᠨᠳᠦ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ 113.9 ᠲᠦᠮᠡᠨ ᠲᠥᠭᠦᠷᠢᠭ᠂ ᠠᠰᠠᠷᠠᠨ ᠬᠠᠷᠠᠭᠠᠯᠵᠠᠬᠤ᠂ ᠵᠡᠮᠳᠡᠭᠴᠦᠳ ᠤᠨ ᠠᠰᠠᠷᠠᠮᠵᠢ ᠶᠢᠨ ᠮᠥᠩᠭᠦ 158.18 ᠲᠦᠮᠡᠨ ᠲᠥᠭᠦᠷᠢᠭ ᠪᠠᠶᠢᠵᠤ᠂ ᠡᠯ᠎ᠡ ᠲᠥᠷᠥᠯ ᠤᠨ ᠬᠦᠴᠢᠷᠳᠡᠯᠲᠡᠢ ᠬᠥᠮᠥᠰ ᠲᠤ ᠨᠡᠶᠢᠲᠡ 5697 ᠬᠥᠮᠥᠨ ᠳᠤ ᠠᠰᠢᠭ ᠬᠦᠷᠲᠡᠭᠡᠪᠡ᠃       ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠲᠠᠷᠬᠠᠭᠠᠵᠤ᠂ ᠠᠪᠤᠷᠠᠨ ᠲᠤᠰᠠᠯᠠᠬᠤ ᠪᠡᠯᠡ ᠮᠥᠩᠭᠦ ᠶᠢ ︽ᠡᠭᠦᠳᠡ ᠪᠠᠨ ᠨᠡᠭᠡᠭᠡᠵᠦ ᠲᠣᠭᠲᠠᠭᠤᠨ ᠪᠠᠶᠢᠯᠭᠠᠬᠤ︾᠎ ᠶᠢ ᠪᠡᠶᠡᠯᠡᠭᠦᠯᠦᠨ᠂ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠦᠨᠡᠨᠬᠦ ᠪᠦᠲᠦᠮᠵᠢᠲᠡᠶ ᠪᠠᠲᠤᠯᠠᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ ᠪᠣᠳᠠᠲᠠᠢ ᠪᠠᠷ ᠨᠠᠶᠢᠳᠠᠪᠤᠷᠢᠵᠢᠭᠤᠯᠤᠨ᠂ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠶᠢᠨ ᠰᠠᠭᠤᠷᠢ ᠶᠢ ᠲᠠᠯᠪᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号