1—2 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠠᠵᠤ ᠠᠬᠤᠢ ᠯᠠᠪᠳᠠᠭᠤᠨ ᠲᠣᠭᠲᠠᠭᠤᠨ ᠢᠶᠠᠷ ᠡᠬᠢᠯᠡᠯ᠎ᠡ
ᠨᠡᠶᠢᠲᠡᠯᠡᠭᠰᠡᠨ ᠴᠠᠭ᠄
2024/3/29
      1 —2 ᠳ᠋ᠤᠭᠠᠷ ᠰᠠᠷ᠎ᠠ ᠳᠤ᠂ ᠮᠠᠨ ᠤ ᠲᠤᠭᠤᠷᠢᠭ ᠤᠨ ᠳᠡᠭᠡᠳᠦ ᠳᠣᠣᠷᠠᠳᠤ ᠱᠠᠲᠤᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠬᠠᠷᠠᠯᠲᠠ ᠪᠠᠨ ᠲᠣᠭᠲᠠᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠥᠬᠦ ᠲᠤᠭᠤᠷᠢᠭ ᠤᠨ ᠠᠵᠤ ᠠᠬᠤᠢ ᠶᠢᠨ ᠡᠬᠢᠯᠡᠯᠲᠡ ᠯᠠᠪᠳᠠᠭᠤᠨ ᠲᠣᠭᠲᠠᠭᠤᠨ ᠪᠠᠶᠢᠵᠤ᠂ ᠬᠥᠭᠵᠢᠯᠲᠡ ᠶᠢᠨ ᠤᠶᠠᠨ ᠬᠠᠲᠠᠨ ᠴᠢᠨᠠᠷ ᠢᠯᠡᠷᠬᠡᠢ ᠪᠣᠯᠪᠠ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.5% ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 33.1 ᠵᠠᠭᠤᠨ ᠤ ᠨᠢᠭᠡᠴᠢ ᠲᠦᠷᠭᠡᠳᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠵᠦ᠂ ᠡᠭᠦᠨ ᠳᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠨᠠᠩ ᠢᠯᠡᠷᠬᠡᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 99.2% ᠢᠶᠠᠷ ᠨᠡᠮᠡᠭᠳᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 76 ᠵᠠᠭᠤᠨ ᠤ ᠨᠢᠭᠡᠴᠢ ᠳᠠᠪᠠᠭᠰᠠᠨ ᠪᠠᠶᠢᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 49 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠨ᠂ ᠪᠥᠬᠦ ᠬᠤᠲᠠ ᠶᠢᠨ ᠲᠡᠷᠢᠭᠦᠨ ᠳᠤ ᠣᠷᠣᠪᠠ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ  ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 18.1% ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠪᠠ᠃ ᠲᠠᠷᠠᠭᠠᠴᠢ ᠶᠢᠨ ᠱᠠᠲᠤᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠦᠴᠦᠯᠡᠵᠦ᠂ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠪᠦᠬᠦ ᠲᠤᠭᠤᠷᠢᠭ ᠤᠨ ᠠᠵᠤ ᠠᠬᠤᠢ ᠶᠢᠨ ᠲᠦᠷᠦᠭᠦᠦ ᠤᠯᠠᠷᠢᠯ ᠳᠤ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号