2024 ᠣᠨ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ | ᠰᠠᠯᠠᠭ᠎ᠠ ᠮᠥᠴᠢᠷ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠶᠠᠳᠠᠭᠤ | ᠬᠦᠴᠢᠷᠳᠡᠯᠲᠡᠢ ᠬᠠᠮᠲᠤᠯᠢᠭ ᠤᠨ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠤᠨ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ᠂ | ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ | ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠨᠢᠭᠡᠳᠦᠭᠡᠷ ᠤᠯᠠᠷᠢᠯ ᠤᠨ ᠡᠯ᠎ᠡ ᠲᠦᠷᠦᠯ ᠤᠨ ᠬᠠᠮᠲᠤᠯᠢᠭ ᠤᠨ | ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠳᠡ 602.28 ᠲᠦᠮᠡᠨ ᠲᠥᠭᠦᠷᠢᠭ ᠴᠠᠭ ᠲᠤᠬᠠᠢ ᠳᠤᠨᠢ ᠭᠦᠢᠴᠡᠳ | ᠲᠤᠭ᠎ᠠ ᠪᠠᠷ ᠲᠠᠷᠬᠠᠭᠠᠵᠠᠢ᠃ ᠡᠭᠦᠨ ᠳᠤ᠂ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ | ᠲᠤᠰᠠᠯᠠᠬᠤ ᠪᠡᠯᠡ ᠮᠥᠩᠭᠦ 168.27 ᠲᠦᠮᠡᠨ ᠲᠥᠭᠦᠷᠢᠭ᠂ ᠥᠨᠥᠴᠢᠨ ᠬᠡᠦᠬᠡᠳ ᠢ ᠠᠰᠠᠷᠠᠨ ᠬᠥᠮᠥᠵᠢᠭᠦᠯᠬᠦ ᠪᠡᠯᠡ | ᠮᠥᠩᠭᠦ 23.19 ᠲᠦᠮᠡᠨ ᠲᠥᠭᠦᠷᠢᠭ᠂ ᠬᠤᠲᠠ ᠶᠢᠨ ᠣᠨᠴᠠ ᠬᠦᠴᠢᠷᠳᠡᠯᠲᠡᠢ ᠠᠰᠠᠷᠠᠨ ᠲᠡᠵᠢᠭᠡᠭᠴᠢᠳ ᠤᠨ | ᠠᠮᠢᠳᠤᠷᠠᠯ ᠤᠨ ᠨᠥᠬᠦᠪᠦᠷᠢ ᠪᠡᠯᠡ ᠮᠥᠩᠭᠦ 70.69 ᠲᠦᠮᠡᠨ ᠲᠥᠭᠦᠷᠢᠭ᠂ ᠬᠦᠴᠢᠷᠳᠡᠯᠲᠡᠢ ᠬᠠᠮᠲᠤᠯᠢᠭ ᠤᠨ ᠨᠢᠭᠡ | ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠪᠡᠯᠡ ᠮᠥᠩᠭᠦ 3.7 ᠲᠦᠮᠡᠨ ᠲᠥᠭᠦᠷᠢᠭ᠂ ᠬᠦᠴᠢᠷᠳᠡᠯᠲᠡᠢ | ᠬᠠᠮᠲᠤᠯᠢᠭ ᠤᠨ ᠴᠠᠭᠠᠨ ᠰᠠᠷ᠎ᠠ ᠶᠢᠨ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ 64.35 ᠲᠦᠮᠡᠨ | ᠲᠥᠭᠦᠷᠢᠭ᠂ ᠬᠦᠨᠳᠦ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ 113.9 | ᠲᠦᠮᠡᠨ ᠲᠥᠭᠦᠷᠢᠭ᠂ ᠠᠰᠠᠷᠠᠨ ᠬᠠᠷᠠᠭᠠᠯᠵᠠᠬᠤ᠂ ᠵᠡᠮᠳᠡᠭᠴᠦᠳ ᠤᠨ ᠠᠰᠠᠷᠠᠮᠵᠢ ᠶᠢᠨ ᠮᠥᠩᠭᠦ 158.18 ᠲᠦᠮᠡᠨ | ᠲᠥᠭᠦᠷᠢᠭ ᠪᠠᠶᠢᠵᠤ᠂ ᠡᠯ᠎ᠡ ᠲᠥᠷᠥᠯ ᠤᠨ ᠬᠦᠴᠢᠷᠳᠡᠯᠲᠡᠢ ᠬᠥᠮᠥᠰ ᠲᠤ ᠨᠡᠶᠢᠲᠡ 5697 ᠬᠥᠮᠥᠨ ᠳᠤ ᠠᠰᠢᠭ | ᠬᠦᠷᠲᠡᠭᠡᠪᠡ᠃ | ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠲᠠᠷᠬᠠᠭᠠᠵᠤ᠂ ᠠᠪᠤᠷᠠᠨ | ᠲᠤᠰᠠᠯᠠᠬᠤ ᠪᠡᠯᠡ ᠮᠥᠩᠭᠦ ᠶᠢ ︽ᠡᠭᠦᠳᠡ ᠪᠠᠨ ᠨᠡᠭᠡᠭᠡᠵᠦ ᠲᠣᠭᠲᠠᠭᠤᠨ ᠪᠠᠶᠢᠯᠭᠠᠬᠤ︾ ᠶᠢ ᠪᠡᠶᠡᠯᠡᠭᠦᠯᠦᠨ᠂ | ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠦᠨᠡᠨᠬᠦ ᠪᠦᠲᠦᠮᠵᠢᠲᠡᠶ ᠪᠠᠲᠤᠯᠠᠵᠤ᠂ ᠨᠠᠮ ᠤᠨ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ ᠪᠣᠳᠠᠲᠠᠢ ᠪᠠᠷ ᠨᠠᠶᠢᠳᠠᠪᠤᠷᠢᠵᠢᠭᠤᠯᠤᠨ᠂ ᠴᠢᠩᠱᠠᠨ | ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠰᠠᠶᠢᠨ ᠰᠠᠭᠤᠷᠢ ᠶᠢ ᠲᠠᠯᠪᠢᠨ᠎ᠠ᠃ | | | |