ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠵᠤ    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠳᠠᠯ ᠠᠬᠤᠶ ᠶᠢᠨ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/3/4
      ᠮᠠᠨ ᠤ ᠲᠤᠭᠤᠷᠢᠭ ᠤᠨ ᠠᠳᠠᠯ ᠠᠬᠤᠢ ᠶᠢᠨ ᠠᠵᠢᠯ ᠲᠥᠷᠥᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠷᠠᠯ ᠬᠤᠷᠠᠯᠳᠤᠭᠤᠯᠬᠤ᠂ ᠮᠡᠳᠡᠭᠳᠡᠯ ᠪᠠᠭᠤᠯᠭᠠᠬᠤ᠂ ᠵᠣᠬᠢᠶᠠᠨ ᠪᠠᠶᠢᠭᠤᠯᠵᠤ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠳᠠᠯ ᠠᠬᠤᠢ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠰᠣᠭᠤᠭ ᠢ ᠦᠨᠡᠨᠬᠦ ᠠᠷᠢᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃      ᠨᠢᠭᠡ ᠳᠤ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠴᠢᠩᠭᠠᠳᠬᠠᠪᠠ᠃ 2024 ᠣᠨ ᠳᠤ ᠮᠠᠨ ᠤ ᠲᠣᠪᠴᠢᠶ᠎ᠠ ᠪᠥᠬᠦ ᠲᠤᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ ᠠᠶᠤᠯᠭᠦᠶ ᠦᠢᠯᠡᠳᠪᠦᠷᠢᠯᠡᠯ ᠤᠨ ᠦᠵᠡᠯ ᠰᠠᠨᠠᠭᠠᠨ ᠤ ᠬᠥᠮᠦᠵᠢᠯ ᠪᠣᠯᠪᠠᠰᠤᠷᠠᠭᠤᠯᠤᠯ ᠢ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠤᠬᠠᠭᠤᠯᠭ᠎ᠠ᠂ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠠᠮᠤᠷ ᠲᠦᠪᠰᠢᠨ ᠢ ᠠᠩᠬᠠᠷᠬᠤ᠂ ᠠᠮᠢ ᠨᠠᠰᠤ ᠶᠢ ᠬᠠᠶᠢᠷᠠᠯᠠᠨ ᠬᠠᠯᠠᠮᠵᠢᠯᠠᠬᠤ ᠠᠭᠤᠷ ᠠᠮᠢᠰᠬᠤᠯ ᠢ ᠪᠣᠶ ᠪᠣᠯᠭᠠᠨ᠎ᠠ᠃ ᠣᠳᠣᠬᠠᠨ ᠪᠣᠯᠲᠠᠯ᠎ᠠ᠂ ᠮᠠᠨ ᠤ ᠲᠣᠪᠴᠢᠶ᠎ᠠ ᠪᠥᠬᠦ ᠲᠤᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ 3 ᠲᠠᠯᠠᠪᠤᠷ ᠠᠶᠦᠯᠭᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠢ ᠥᠷᠨᠢᠭᠦᠯᠵᠦ᠂ 300 ᠭᠠᠷᠤᠶ ᠠᠳᠠᠯ ᠠᠬᠤᠶ ᠶᠢᠨ ᠠᠵᠤ ᠠᠬᠤᠶᠢᠯᠠᠯ ᠤᠨ ᠠᠵᠢᠯᠲᠠᠨ ᠢ ᠬᠠᠮᠤᠷᠴᠤ᠂ ᠡᠨᠡ ᠬᠤᠭᠤᠴᠠᠭᠠᠨ ᠳᠤ 10 ᠠᠳᠠᠯ ᠠᠬᠤᠶ ᠶᠢᠨ ᠠᠵᠤ ᠠᠬᠤᠶᠢᠯᠠᠯ ᠢ ᠰᠤᠭᠤᠴᠢᠨ ᠪᠠᠶᠢᠴᠠᠭᠠᠵᠤ ᠵᠢᠭᠠᠨ ᠵᠢᠯᠣᠭᠤᠳᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠦᠭᠰᠡᠨ ᠪᠥᠭᠡᠳ 5 ᠤᠳᠠᠭ᠎ᠠ ᠳᠠᠭᠤᠷᠢᠶᠠᠨ ᠰᠣᠷᠢᠯᠲᠠ ᠬᠢᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠪᠡ᠃      ᠬᠤᠶᠠᠷ ᠲᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠰᠦᠯᠵᠢᠶᠡᠨ ᠳᠡᠭᠡᠷᠡᠬᠢ ᠬᠤᠷᠠᠯ ᠢ ᠵᠣᠬᠢᠶᠠᠨ ᠪᠠᠶᠢᠭᠤᠯᠵᠤ᠂ ᠴᠢᠩᠱᠠᠨ ᠲᠣᠭᠤᠷᠢᠭ ᠤᠨ 117 ᠠᠳᠠᠯ ᠠᠬᠤᠶ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ᠣᠷᠣᠯᠴᠠᠭᠤᠯᠵᠤ᠂ ᠬᠤᠲᠠ ᠲᠣᠭᠤᠷᠢᠭ ᠬᠤᠶᠠᠷ ᠱᠠᠲᠤᠨ ᠤ ᠠᠶᠤᠯᠭᠦᠶ ᠦᠢᠯᠡᠳᠪᠦᠷᠢᠯᠡᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠤᠯᠠᠮᠵᠢᠯᠠᠬᠤ ᠪᠠ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃ ᠴᠢᠩᠱᠠᠨ ᠲᠣᠭᠤᠷᠢᠭ ᠤᠨ ᠠᠳᠠᠯ ᠠᠬᠤᠢ ᠶᠢᠨ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠬᠢᠴᠠ ᠶᠢᠨ ᠪᠠᠶᠢᠳᠠᠯ  ᠢᠶᠠᠨ ᠴᠠᠭ ᠲᠤᠬᠠᠢ ᠳᠤᠨᠢ ᠬᠠᠷᠢᠭᠤ ᠲᠤᠰᠬᠠᠵᠤ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ ᠰᠢᠢᠳᠪᠦᠷᠢᠯᠡᠬᠦ ᠲᠥᠰᠦᠯ ᠳᠤᠷᠠᠳᠬᠤ ᠬᠡᠷᠡᠭᠲᠡᠢ ᠭᠡᠵᠦ ᠱᠠᠭᠠᠷᠳᠠᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠠᠷᠭ᠎ᠠ ᠵᠠᠮ ᠢ ᠠᠰᠢᠭᠯᠠᠨ ᠤᠬᠠᠭᠤᠯᠭ᠎ᠠ ᠬᠢᠵᠦ᠂ ᠵᠢᠱᠢᠶᠡᠯᠡᠪᠡᠯ ᠸᠢᠴᠠᠲ ᠤᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠵᠠᠷᠯᠠᠯ᠂ ᠨᠡᠶᠢᠭᠡᠮ ᠲᠣᠭᠤᠷᠢᠭ ᠤᠨ ᠠᠵᠢᠯᠯᠠᠭ᠎ᠠ ᠵᠡᠷᠭᠡ ᠶᠢ ᠠᠰᠢᠭᠯᠠᠬᠤ ᠪᠠᠷ ᠳᠠᠮᠵᠢᠭᠤᠯᠤᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠠᠳᠠᠯ ᠠᠬᠤᠶ ᠶᠢᠨ ᠠᠵᠤ ᠠᠬᠤᠶᠢᠯᠠᠯ ᠤᠨ ᠣᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠶᠠᠩᠵᠤ ᠬᠡᠯᠪᠡᠷᠢ ᠶᠢᠨ᠂ ᠠᠭᠤᠯᠭ᠎ᠠ ᠪᠠᠷ ᠪᠠᠶᠠᠯᠢᠭ ᠠᠶᠦᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠵᠣᠬᠢᠶᠠᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠯᠤᠭ᠎ᠠ ᠶᠢᠨ ᠨᠡᠪᠲᠡᠷᠡᠯᠴᠡᠭᠡ ᠦᠢᠯᠡᠳᠦᠯᠴᠡᠯ ᠢ ᠴᠢᠩᠭᠠᠳᠬᠠᠬᠤ ᠶᠢᠨ ᠲᠥᠯᠥᠭᠡ ︽ᠰᠠᠭᠤᠭᠠᠯᠢ ᠠᠷᠠᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢ ᠲᠠᠷᠬᠠᠭᠠᠭᠰᠠᠨ ᠪᠥᠭᠡᠳ ᠡᠯ᠎ᠡ ᠠᠳᠠᠯ ᠠᠬᠤᠶ ᠶᠢᠨ ᠠᠵᠤ ᠠᠬᠤᠶᠢᠯᠠᠯ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠨᠡᠶᠢᠲᠡ 5000 ᠬᠤᠪᠢ ︽ᠰᠠᠭᠤᠭᠠᠯᠢ ᠠᠷᠠᠳ ᠲᠤ ᠥᠭᠭᠦᠭᠰᠡᠨ ᠨᠢᠭᠡ ᠬᠤᠪᠢ ᠵᠠᠬᠢᠳᠠᠯ︾ ᠲᠠᠷᠬᠠᠭᠠᠵᠤ᠂ ᠠᠵᠢᠯ ᠤᠨ ᠭᠤᠤᠯᠳᠠᠯᠭ᠎ᠠ ᠪᠠ ᠠᠶᠤᠯᠭᠦᠶ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠪᠠ᠃ ᠡᠭᠦᠨ ᠤ ᠬᠠᠮᠲᠤ᠂ ᠵᠠᠬᠢᠳᠠᠯ ᠴᠢᠮᠡᠭᠡ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠠᠷᠢᠭᠤ ᠲᠤᠰᠬᠠᠯ ᠪᠠ ᠰᠠᠨᠠᠭᠤᠯᠭ᠎ᠠ ᠶᠢ ᠴᠤᠭᠯᠠᠭᠤᠯᠵᠤ᠂ ᠮᠡᠳᠡᠭᠡ ᠵᠠᠩᠭᠢ ᠶᠢᠨ ᠬᠤᠤᠰ ᠴᠢᠭᠯᠡᠯ ᠢᠶᠠᠷ ᠰᠢᠯᠵᠢᠬᠦ ᠶᠢ ᠴᠢᠩᠭᠠᠳᠬᠠᠪᠠ᠃      ᠭᠤᠷᠪᠠ ᠳᠤ ᠪᠥᠬᠦ  ᠪᠠᠷ ᠢᠶᠠᠨ ᠬᠦᠳᠦᠯᠦᠯᠴᠡᠵᠦ᠂ ᠪᠦᠬᠦᠨ ᠢ ᠬᠠᠮᠤᠷᠤᠨ ᠵᠢᠭᠰᠠᠭᠠᠨ  ᠪᠠᠶᠢᠴᠠᠭᠠᠪᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠢᠭᠡᠳᠦᠭᠡᠷ ᠬᠠᠷᠢᠭᠤᠴᠠᠯᠭᠠᠲᠠᠨ ᠤᠳᠤᠷᠢᠳᠬᠤ ᠪᠠᠭ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ ᠪᠥᠬᠦ ᠲᠣᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠢ ᠵᠢᠭᠰᠠᠭᠠᠨ ᠪᠠᠶᠢᠴᠠᠭᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠠᠰᠤᠭ ᠤᠨ ᠺᠠᠳ᠋ᠷ ᠠᠵᠢᠯᠲᠠᠨ ᠠᠵᠢᠯᠴᠢᠨ ᠢ ᠭᠤᠷᠪᠠᠨ ᠪᠠᠶᠢᠴᠠᠭᠠᠬᠤ ᠠᠵᠢᠯ ᠤᠨ ᠳᠤᠭᠤᠶᠢᠯᠠᠩ ᠬᠤᠪᠢᠶᠠᠵᠤ᠂ ᠬᠠᠷᠢᠶᠠᠲᠤ ᠣᠷᠣᠨ ᠤ ᠳᠣᠲᠣᠷᠠᠬᠢ 117 ᠠᠳᠠᠯ ᠠᠬᠤᠶ ᠶᠢᠨ ᠠᠵᠤ ᠠᠬᠤᠶᠢᠯᠠᠯ᠂ 338 ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠠᠮᠤᠷ ᠲᠦᠪᠰᠢᠨ ᠤ ᠳᠠᠯᠳᠠ ᠬᠡᠮ ᠢ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠬᠤ᠂ ᠠᠮᠤᠷ ᠲᠦᠪᠰᠢᠨ ᠤ ᠠᠵᠢᠯᠯᠠᠭ᠎ᠠ ᠶᠢ ᠬᠡᠷᠡᠭᠵᠢᠭᠦᠯᠬᠦ ᠵᠡᠷᠭᠡ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠠᠳᠠᠯ ᠠᠬᠤᠶ ᠶᠢᠨ ᠠᠵᠤ ᠠᠬᠤᠶᠢᠯᠠᠯ ᠳᠤ ᠬᠠᠷᠢᠭᠤ ᠲᠤᠰᠬᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠱᠠᠭᠠᠷᠳᠠᠵᠤ᠂ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢ ᠴᠢᠩᠭ᠎ᠠ ᠱᠠᠭᠠᠷᠳᠠᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠵᠦ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠪᠠ᠃ ᠣᠳᠣᠬᠠᠨ ᠪᠣᠯᠲᠠᠯ᠎ᠠ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠪᠥᠭᠡᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠤᠭᠰᠠᠨ ᠨᠢ ᠨᠡᠶᠢᠲᠡ 13 ᠭᠠᠵᠠᠷ᠂ ᠨᠢᠭᠡᠨᠲᠡ ᠲᠤᠰᠬᠠᠶ ᠬᠥᠮᠦᠨ ᠳᠣᠭᠢᠷᠠᠭᠤᠯᠤᠨ ᠮᠥᠷᠳᠡᠨ ᠱᠠᠯᠠᠪᠳᠠᠭᠤᠯᠤᠨ ᠰᠢᠢᠳᠪᠦᠷᠢᠯᠡᠭᠦᠯᠵᠦ᠂ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠮᠠᠨ ᠤ ᠲᠤᠭᠤᠷᠢᠭ ᠤᠨ ᠠᠳᠠᠯ ᠠᠬᠤᠶ ᠶᠢᠨ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠶ᠋ᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号