ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ︽ᠨᠠᠮ ᠤᠨ ᠠᠴᠢ ᠶᠢ ᠮᠡᠳᠡᠷᠡᠵᠤ ᠨᠠᠮ ᠤᠨ | ᠦᠭᠡ ᠶᠢ ᠰᠣᠨᠣᠰᠴᠤ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ | ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠠᠩ ᠨᠢᠭᠲᠠᠷᠠᠭᠤᠯᠵᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠩᠭᠦᠶ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ | ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠪᠠ᠃ | ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠢ ᠨᠠᠶᠢᠲᠠᠪᠦᠷᠢᠵᠢᠭᠤᠯᠤᠨ᠎ᠠ᠃ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ᠂ ᠨᠡᠶᠢᠭᠡᠮ ᠤᠨ ᠪᠠᠲᠤᠯᠠᠭ᠎ᠠ ᠵᠡᠷᠭᠡ ᠳᠤ ᠬᠤᠯᠪᠣᠭᠳᠠᠬᠤ ᠡᠯ᠎ᠡ ᠵᠦᠢᠯ ᠤᠨ ᠠᠷᠠᠳ ᠲᠤ ᠠᠰᠢᠭ | ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ 20 ᠭᠠᠷᠤᠶ ᠵᠦᠢᠯ ᠡᠮᠬᠢᠯᠡᠨ | ᠳᠢᠭᠯᠡᠵᠦ᠂ ᠶᠡᠷᠦᠩᠬᠡᠶᠢᠯᠡᠭᠰᠡᠨ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠲᠤᠬᠠᠶᠢᠯᠠᠭᠰᠠᠨ ᠠᠵᠢᠯ ᠢ | 90% ᠠᠴᠠ ᠳᠡᠭᠡᠭᠰᠢ ᠬᠦᠷᠭᠡᠵᠦ᠂ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ | ᠴᠤᠤᠷᠢᠶ᠎ᠠ ᠲᠠᠪᠴᠠᠩ᠂ ᠲᠤᠬᠠᠶᠢᠯᠠᠭᠰᠠᠨ ᠠᠵᠢᠯ ᠤᠨ ᠴᠤᠩᠬᠤᠪᠴᠢ ᠪᠠᠷ ᠳᠠᠮᠵᠢᠭᠤᠯᠤᠨ ᠵᠠᠷᠯᠠᠨ ᠨᠡᠶᠢᠲᠡᠯᠡᠵᠦ᠂ ᠣᠯᠠᠨ | ᠲᠦᠮᠡᠨ᠂ ᠠᠵᠤ ᠠᠬᠤᠶᠢᠯᠠᠯ ᠤᠨ ᠣᠯᠠᠨ ᠠᠷᠭ᠎ᠠ ᠵᠠᠮ ᠢᠶᠠᠷ ᠲᠥᠷᠥ ᠶᠢᠨ ᠪᠣᠳᠣᠯᠭ᠎ᠠ ᠶᠢ ᠤᠶᠢᠯᠠᠭᠠᠨ ᠡᠵᠡᠮᠰᠢᠬᠦ ᠳᠤ | ᠲᠥᠬᠦᠮ ᠪᠣᠯᠭᠠᠪᠠ᠃ | ᠤᠬᠠᠭᠤᠯᠤᠨ ᠲᠠᠶᠢᠯᠪᠦᠷᠢᠯᠠᠵᠦ ᠨᠢᠭᠤᠷᠳᠠᠨ ᠦᠢᠯᠡᠴᠢᠯᠡᠨ᠎ᠡ᠃ ᠤᠷᠢᠳ ᠬᠤᠵᠢᠳ ︽ᠭᠤᠤᠯ ᠰᠡᠳᠦᠪᠲᠦ | ᠨᠠᠮ ᠤᠨ ᠡᠳᠦᠷ︾᠂ ᠪᠣᠯᠪᠠᠰᠤᠷᠠᠯ ᠤᠨ ᠬᠤᠷᠠᠯ᠂ ᠶᠠᠷᠢᠯᠴᠠᠬᠤ ᠬᠤᠷᠠᠯ᠂ ᠰᠣᠯᠢᠯᠴᠠᠭᠠᠨ ᠤ ᠬᠤᠷᠠᠯ ᠵᠡᠷᠭᠡ ᠣᠯᠠᠨ | ᠵᠦᠢᠯ ᠤᠨ ᠠᠷᠭ᠎ᠠ ᠬᠡᠯᠪᠡᠷᠢ ᠪᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠪᠠ᠃ ︽ᠲᠣᠰᠬᠤᠨ ᠳᠤ ᠬᠦᠷᠴᠦ ᠡᠷᠦᠬᠡ ᠳᠤ ᠬᠦᠷᠴᠦ ᠠᠷᠠᠳ ᠤᠨ ᠪᠠᠶᠢᠳᠠᠯ ᠢ ᠰᠤᠷᠪᠤᠯᠵᠢᠯᠠᠬᠤ᠂ ᠠᠵᠢᠯ | ᠣᠯᠭᠤᠯᠲᠠ ᠶᠢᠨ ᠲᠤᠰᠠᠯᠠᠮᠵᠢ ᠠᠷᠠᠳ ᠤᠨ ᠰᠡᠳᠬᠢᠯ ᠢ ᠳᠤᠯᠠᠭᠠᠴᠠᠭᠤᠯᠬᠤ︾᠂ ︽ᠰᠤᠷᠤᠯᠴᠠᠨ ᠰᠡᠳᠬᠢᠵᠦ | ᠦᠢᠯᠡᠳᠦᠯᠭᠡᠵᠢᠭᠦᠯᠦᠨ ᠣᠶᠢᠯᠠᠭᠠᠵᠤ ᠬᠠᠷᠢᠭᠤᠴᠠᠯᠭ᠎ᠠ ᠶᠢ ᠴᠢᠩᠭᠠᠳᠬᠠᠨ ᠰᠢᠨ᠎ᠡ ᠭᠠᠪᠢᠶ᠎ᠠ ᠪᠠᠶᠢᠭᠤᠯᠬᠤ︾ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ | ᠥᠭᠬᠦ︾᠂ ︽ᠬᠥᠮᠦᠨ ᠪᠦᠬᠦᠨ ᠨᠡᠶᠢᠭᠡᠮ ᠤᠨ ᠪᠠᠲᠤᠯᠠᠭ᠎ᠠ ᠲᠠᠢ᠂ ᠠᠮᠢᠳᠤᠷᠠᠯ ᠨᠠᠩ ᠰᠠᠶᠢᠨ ᠰᠠᠶᠢᠬᠠᠨ ᠪᠣᠯᠬᠤ︾᠂ | ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠲᠦᠮᠡᠨ ᠡᠷᠦᠬᠡ ᠳᠤ ᠣᠷᠣᠬᠤ︾ ᠵᠡᠷᠭᠡ ᠠᠵᠢᠯᠯᠠᠭ᠎ᠠ ᠶᠢ 10 ᠭᠠᠷᠤᠶ | ᠤᠳᠠᠭ᠎ᠠ ᠤᠬᠠᠭᠤᠯᠤᠨ ᠲᠠᠶᠢᠯᠪᠤᠷᠢᠯᠠᠪᠠ᠃ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ | ᠬᠥᠳᠡᠯᠮᠦᠷᠢ ᠶᠢᠨ ᠬᠠᠷᠢᠴᠠᠭ᠎ᠠ ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠤᠮᠵᠢ ᠬᠢᠵᠦ᠂ | ᠠᠵᠤ ᠠᠬᠤᠶᠢᠯᠠᠯ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠠᠵᠢᠯ ᠠᠴᠠ ᠪᠠᠨ ᠪᠠᠭᠤᠵᠤ ᠠᠮᠠᠷᠠᠯᠲᠠ ᠪᠠᠨ | ᠭᠤᠶᠤᠴᠢᠯᠠᠨ ᠮᠡᠳᠡᠭᠦᠯᠬᠦ᠂ ᠣᠯᠭᠤᠮᠵᠢ ᠭᠤᠶᠤᠴᠢᠯᠠᠨ ᠠᠪᠬᠤ᠂ ᠠᠮᠢᠳᠤᠯᠢᠭ ᠢᠶᠠᠷ ᠠᠵᠢᠯ ᠣᠯᠵᠤ ᠰᠦᠢᠳᠬᠡᠯ | ᠲᠤᠰᠢᠶᠠᠬᠤ ᠵᠡᠷᠭᠡ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠲᠡᠳᠡᠨᠤᠰ ᠤᠨ ᠬᠦᠴᠢᠷ | ᠵᠣᠪᠠᠭᠤᠷᠢ ᠶᠢ ᠰᠢᠢᠳᠪᠦᠷᠢᠯᠡᠵᠦ ᠥᠭᠪᠡ᠃ | ᠠᠷᠠᠳ ᠲᠦᠮᠡᠨ ᠳᠤ ᠦᠢᠯᠡᠴᠢᠯᠡᠵᠦ ᠰᠡᠳᠭᠢᠯ ᠳᠤᠯᠠᠭᠠᠴᠠᠭᠤᠯᠤᠨ᠎ᠠ᠃ ︽ᠬᠤᠶᠠᠷ ᠶᠡᠭᠡ ᠶᠠᠪᠤᠳᠠᠯ︾ ᠢ | ᠠᠬᠢᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠨᠠᠩ ᠲᠡᠩᠴᠡᠭᠦᠷᠢᠰᠢᠭᠦᠯᠬᠦ᠂ ᠲᠦᠭᠡᠮᠡᠯ ᠬᠠᠷᠠᠭᠠᠯᠵᠠᠯᠲᠤ | ᠪᠣᠯᠭᠠᠬᠤ᠂ ᠳᠥᠭᠦᠮ ᠳᠥᠲᠡ ᠪᠣᠯᠭᠠᠬᠤ ᠶᠢ ᠠᠬᠢᠭᠤᠯᠵᠤ᠂ ᠲᠣᠭᠤᠷᠢᠭ᠂ ᠵᠡᠭᠡᠯᠢ ᠭᠤᠳᠤᠮᠵᠢ ︵ᠪᠠᠯᠭᠠᠰᠤ︶᠂ ᠨᠡᠶᠢᠭᠡᠮ | ᠲᠣᠭᠤᠷᠢᠭ ᠪᠠ ᠲᠣᠤᠷᠵᠢᠭᠰᠠᠨ ᠳᠥᠷᠪᠡᠨ ᠱᠠᠲᠤᠨ ᠤ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠤ᠂ ︽ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ | ᠶᠢᠨ ᠲᠢᠭ᠋ ᠲᠤᠭ ᠰᠢᠭᠤᠳ ᠨᠡᠪᠲᠡᠷᠡᠭᠦᠯᠭᠡ ᠶᠢᠨ ᠲᠠᠪᠴᠠᠩ᠂ ︽ᠴᠢᠩᠱᠠᠨ ᠲᠣᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠸᠢᠳᠢᠣ᠋᠂ ︽ᠴᠢᠩᠱᠠᠨ ᠲᠣᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠸᠢᠴᠠᠲ ᠤᠨ ᠨᠡᠶᠢᠲᠡ ᠶᠢᠨ ᠳ᠋ᠤᠭᠠᠷ᠂ ︽ᠪᠤᠭᠤᠲᠤ ᠬᠤᠲᠠ ᠶᠢᠨ | ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︾ ᠤᠨ ᠸᠢᠴᠠᠲ ᠤᠨ ᠨᠡᠶᠢᠲᠡ ᠶᠢᠨ | ᠳ᠋ᠤᠭᠠᠷ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡ ᠶᠢ ᠦᠨᠳᠦᠰᠦᠨ ᠱᠠᠲᠤ ᠲᠡᠰᠢ ᠤᠷᠲᠤᠳᠬᠠᠵᠤ᠂ ᠣᠯᠠᠨ | ᠲᠦᠮᠡᠨ ᠲᠠᠢ ᠨᠠᠩ ᠣᠶᠢᠷᠠᠲᠤᠭᠤᠯᠤᠨ᠎ᠠ᠃ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ | ︽ᠠᠵᠢᠯᠴᠢᠨ ᠢ ᠠᠵᠤ ᠠᠬᠤᠶᠢᠯᠠᠯ ᠳᠤ ᠬᠦᠷᠭᠡᠬᠦ︾ ᠵᠡᠷᠭᠡ ᠣᠨᠴᠠᠯᠢᠭᠲᠤ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ | 441 ᠠᠵᠤ ᠠᠬᠤᠶᠢᠯᠠᠯ ᠳᠤ 2.9 ᠲᠦᠮᠡᠨ ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠨᠡᠶᠢᠲᠡᠯᠡᠵᠦ᠂ 5 ᠲᠦᠮᠡᠨ | ᠠᠵᠢᠯ ᠡᠷᠢᠭᠴᠢ ᠳᠤ ᠦᠢᠯᠡᠴᠢᠯᠡᠪᠡ᠃ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠵᠠᠭᠠᠯᠳᠤᠵᠤ ᠢᠯᠡᠴᠢᠯᠡᠨ | ᠮᠡᠳᠡᠭᠦᠯᠦᠭᠰᠡᠨ 715 ᠬᠡᠷᠡᠭ ᠢ ᠰᠢᠢᠳᠪᠦᠷᠢᠯᠡᠨ ᠳᠠᠭᠤᠰᠬᠠᠵᠤ᠂ 1775 ᠬᠥᠮᠦᠨ ᠳᠤ ᠬᠤᠯᠪᠣᠭᠳᠠᠵᠤ᠂ ᠵᠣᠭᠤᠰ ᠤᠨ | ᠲᠤᠭ᠎ᠠ ᠨᠢ 2883 ᠲᠦᠮᠡᠨ ᠲᠥᠭᠦᠷᠢᠭ ᠲᠤ ᠬᠦᠷᠴᠡᠶ︔ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠴᠠᠯᠢᠩ ᠥᠷᠢᠲᠦᠬᠦ ᠰᠦᠪᠡᠭᠴᠢ ᠶᠢᠨ ᠴᠥᠮ᠎ᠡ ᠶᠢᠨ ᠰᠢᠢᠳᠪᠦᠷᠢᠯᠡᠬᠦ ᠬᠠᠮᠢᠶᠠᠷᠤᠯᠲᠠ ᠶᠢᠨ | ᠰᠢᠰᠲ᠋ᠧᠮ ᠤᠨ ᠪᠠᠭᠤᠯᠭᠠᠭᠰᠠᠨ ᠬᠡᠷᠡᠭ ᠤᠨ ᠰᠦᠪᠡᠭᠴᠢ 915 ᠵᠦᠢᠯ ᠢ ᠰᠢᠢᠳᠪᠦᠷᠢᠯᠡᠨ ᠳᠠᠭᠤᠰᠬᠠᠵᠤ᠂ | ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠪᠡ᠃ ᠪᠤᠭᠤᠲᠤ ᠬᠤᠲᠠ ᠶᠢᠨ ᠠᠩᠬᠠᠳᠠᠭᠴᠢ | ︽ᠬᠥᠨᠳᠡᠯᠡᠨ ᠠᠴᠠ ᠲᠠᠰᠤᠯᠬᠤ + ᠠᠵᠢᠯᠴᠢᠨ ᠤ ᠡᠪᠯᠡᠯ︾ ᠤᠨ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠶᠢᠨ | ᠬᠠᠮᠲᠤᠷᠠᠨ ᠬᠥᠳᠡᠯᠦᠯᠴᠡᠬᠦ ᠵᠠᠭᠪᠤᠷ ᠢ ᠰᠦᠪᠡᠭᠴᠢᠯᠡᠨ ᠪᠠᠶᠢᠭᠤᠯᠤᠭᠰᠠᠨ ᠪᠥᠭᠡᠳ ᠡᠶᠡᠳᠡᠭᠦᠯᠬᠦ ᠲᠥᠪ ᠤᠨ ᠳᠣᠲᠣᠷ᠎ᠠ | ᠫᠠᠶᠢᠰᠠ ᠡᠯᠭᠦᠨ ︽ᠴᠢᠩᠱᠠᠨ ᠲᠣᠭᠤᠷᠢᠭ ᠤᠨ ᠬᠥᠳᠡᠯᠮᠦᠷᠢ ᠶᠢᠨ ᠮᠠᠷᠭᠤᠯᠳᠤᠭᠠᠨ ᠠᠴᠠ ᠡᠮᠦᠨᠡᠬᠢ ᠡᠶᠡᠳᠡᠭᠦᠯᠬᠦ | ᠠᠵᠢᠯ ᠤᠨ ᠲᠠᠰᠤᠭ︾ ᠢ ᠪᠠᠶᠢᠭᠤᠯᠵᠤ᠂ 114 ᠬᠡᠷᠡᠭ ᠢ ᠠᠮᠵᠢᠯᠲᠠ ᠲᠠᠢ ᠪᠠᠷ ᠡᠶᠡᠳᠡᠭᠦᠯᠵᠦ᠂ ᠬᠥᠳᠡᠯᠮᠦᠷᠢᠴᠢᠳ ᠲᠤ | 266.13 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ |