ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ    ᠠᠵᠤ ᠦᠢᠯᠡᠰ ᠤᠨ ᠰᠢᠨ᠎ᠡ ᠰᠦᠷᠦᠭᠵᠢᠯ ᠢ ᠲᠥᠯᠥᠪᠵᠢᠭᠦᠯᠦᠨ ᠪᠠᠶᠢᠷᠢᠯᠠᠭᠤᠯᠤᠨ᠎ᠠ
ᠨᠡᠶᠢᠲᠡᠯᠡᠭᠰᠡᠨ ᠴᠠᠭ᠄
2024/3/5
      ᠰᠤᠷᠪᠤᠯᠵᠢᠯᠠᠭᠰᠠᠨ ᠭᠤᠤᠯ ᠰᠡᠳᠦᠪ᠄ ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ     ᠠᠵᠤ ᠦᠢᠯᠡᠰ ᠤᠨ ᠰᠢᠨ᠎ᠡ ᠰᠦᠷᠦᠭᠵᠢᠯ ᠢ ᠲᠥᠯᠥᠪᠵᠢᠭᠦᠯᠦᠨ ᠪᠠᠶᠢᠷᠢᠯᠠᠭᠤᠯᠤᠨ᠎ᠠ      ᠰᠤᠷᠪᠤᠯᠵᠢᠯᠠᠭᠰᠠᠨ ᠴᠠᠭ᠄ 2024 ᠣᠨ ᠤ 1 ᠰᠠᠷ᠎ᠠ ᠶᠢᠨ 18 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠶᠠ ᠰᠢᠶᠠᠩ ᠳ᠋ᠦᠩ      ᠰᠤᠷᠪᠤᠯᠵᠢᠯᠠᠭᠰᠠᠨ ᠠᠬᠤᠢ ᠪᠠᠶᠢᠳᠠᠯ᠄ ᠰᠢᠨ᠎ᠡ ᠵᠢᠯ ᠤᠨ ᠡᠬᠢᠨ ᠳᠤ᠂ 2024 ᠣᠨ ᠪᠣᠯᠬᠤ ᠳᠤ᠂ ᠢᠯᠠᠩᠭᠤᠶ᠎ᠠ ᠲᠤᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠮᠠᠨ ᠤ ᠵᠦᠪᠯᠡᠯ ᠶᠡᠷᠦᠩᠬᠡᠶᠢᠯᠡᠭᠰᠡᠨ ᠠᠵᠤ ᠠᠬᠤᠶ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠣᠳᠣᠬᠠᠨ ᠤ ᠬᠥᠭᠵᠢᠯᠲᠡ ᠶᠢᠨ ᠬᠡᠯᠪᠡᠷᠢ ᠶᠢ ᠨᠠᠷᠢᠨ ᠬᠢᠨᠠᠮᠠᠭᠠᠶ ᠵᠠᠳᠠᠯᠵᠤ᠂ 2024 ᠣᠨ ᠤ ᠪᠣᠳᠠᠲᠠᠶ ᠬᠥᠭᠵᠢᠯᠲᠡ ᠶᠢᠨ ᠠᠷᠭ᠎ᠠ ᠵᠠᠮ ᠢ ᠲᠥᠯᠥᠪᠵᠢᠭᠦᠯᠵᠦ᠂ ᠬᠠᠨᠳᠤᠯᠭᠠᠲᠤ ᠴᠢᠨᠠᠷᠲᠠᠶ ᠪᠠ ᠬᠡᠷᠡᠭᠵᠢᠭᠦᠯᠵᠦ ᠪᠣᠯᠬᠤᠶᠢᠴᠠ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠴᠢᠬᠤᠯᠠᠲᠠᠶ ᠪᠠᠶᠢᠨ᠎ᠠ᠃       【ᠬᠥᠲᠥᠯᠥᠭᠴᠢ】       2024 ᠣᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠵᠢᠴᠢ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠣᠭᠲᠠᠭᠠᠭᠰᠠᠨ ᠬᠥᠭᠵᠢᠯᠲᠡ ᠶᠢᠨ ᠠᠷᠭ᠎ᠠ ᠵᠠᠮ᠂ ᠰᠡᠳᠬᠢᠴᠡ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ       ᠵᠢᠶᠠ ᠰᠢᠶᠠᠩ ᠳ᠋ᠦᠩ】       ᠨᠢᠭᠡ ᠳᠤ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠨ᠎ᠠ᠃ ᠢᠷᠡᠬᠦ ᠵᠢᠯ ᠳᠤ ᠬᠡᠷᠡᠭᠵᠢᠭᠦᠯᠬᠦ 78 ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠭᠠᠷᠳᠠᠮ ᠢ ᠭᠦᠢᠴᠡᠳᠬᠡᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠨ᠎ᠠ᠃ ᠬᠤᠶᠠᠷ ᠲᠤ ᠡᠨᠧᠷᠭᠢ ᠶᠢᠨ ᠠᠵᠤ ᠦᠢᠯᠡᠰ ᠤᠨ ᠲᠣᠮᠣ ᠶᠠᠪᠤᠳᠠᠯ ᠢ ᠰᠠᠶᠢᠲᠤᠷ ᠠᠳᠬᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠬᠦᠷᠢᠶ᠎ᠡ ᠶᠢ ᠲᠣᠭᠲᠠᠭᠠᠵᠤ᠂ ︽ᠠᠵᠤ ᠦᠢᠯᠡᠳᠪᠦᠷᠢ ᠶᠢᠨ ᠴᠢᠩᠱᠠᠨ︾ ᠤ ᠬᠠᠷᠠᠯᠲᠠ ᠶᠢ ᠲᠠᠬᠢᠨ ᠪᠠᠶᠢᠭᠤᠯᠤᠨ᠎ᠠ᠃ ᠣᠳᠣᠬᠠᠨ ᠤ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠤᠨ᠂ ᠰᠠᠯᠬᠢ ᠭᠡᠷᠡᠯ ᠤᠰᠤᠲᠥ᠋ᠷᠥᠭᠴᠢ ᠶᠢᠨ ᠴᠥᠮ᠎ᠡ ᠶᠢᠨ ᠲᠠᠪᠤᠨ ᠶᠡᠭᠡ ᠰᠢᠨ᠎ᠡ ᠡᠨᠧᠷᠭᠢ ᠶᠢᠨ ᠠᠵᠤ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠳᠠᠪᠠᠭᠤᠯᠢᠭ ᠤᠨᠴᠠᠯᠢᠭᠳᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠭᠤᠷᠪᠠ ᠳᠤ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠰᠢᠨ᠎ᠡ ᠵᠠᠮ ᠢ ᠨᠡᠭᠡᠭᠡᠨ᠎ᠡ᠃ ᠣᠳᠣᠬᠠᠨ ᠤ ᠪᠠᠶᠢᠳᠠᠯ ᠢ ᠭᠦᠨᠵᠡᠭᠡᠶ ᠵᠠᠳᠠᠯᠵᠤ᠂ ᠠᠵᠤ ᠦᠢᠯᠡᠰ ᠤᠨ ᠰᠢᠨ᠎ᠡ ᠪᠦᠯᠦᠭᠯᠡᠯ ᠢ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠲᠦᠢᠯ ᠢ ᠪᠣᠶ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠣᠯᠠᠨ ᠡᠰᠢᠵᠢᠯᠲᠡ᠂ ᠳᠡᠭᠡᠳᠦ ᠳᠡᠰᠵᠢᠯᠲᠡ ᠶᠢ ᠲᠦᠯᠬᠢᠨ ᠠᠬᠢᠭᠤᠯᠵᠤ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠳᠥᠷᠪᠡ ᠳᠤ ᠪᠡᠯᠡ ᠮᠥᠩᠭᠦ ᠣᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠤᠯᠤᠰ ᠠᠴᠠ ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠳᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠨ᠂ ᠠᠷᠭ᠎ᠠ ᠪᠦᠬᠦᠨ ᠢ ᠰᠦᠪᠡᠭᠴᠢᠯᠡᠨ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠣᠯᠵᠤ᠂ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠪᠠᠲᠤᠯᠠᠨ᠎ᠠ᠃ ᠲᠠᠪᠤ ᠳᠤ᠂ ᠲᠥᠷᠥᠯ ᠵᠦᠢᠯ ᠲᠣᠭᠲᠠᠭᠠᠬᠤ᠂ ᠡᠨᠧᠷᠭᠢ ᠦᠨᠡᠯᠡᠬᠦ ᠭᠠᠷᠳᠠᠮ ᠢ ᠭᠦᠢᠴᠡᠳᠬᠡᠬᠦ ᠶᠢ ᠰᠠᠶᠢᠲᠤᠷ ᠬᠢᠨ᠎ᠡ᠃ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠠᠷᠢᠯᠴᠠᠵᠤ᠂ ᠦᠢᠯᠡᠴᠢᠯᠡᠭᠡᠨ ᠤ ᠲᠥᠷᠥᠯ ᠵᠦᠢᠯ ᠢ ᠤᠷᠢᠳᠠᠪᠠᠷ ᠭᠦᠢᠴᠡᠳᠬᠡᠵᠦ᠂ ᠭᠠᠷᠳᠠᠮ ᠢ ᠭᠦᠢᠴᠡᠳᠬᠡᠬᠦ ᠴᠤᠪᠤᠷᠠᠯ ᠢ ᠬᠠᠮᠤᠭ ᠤᠨ ᠳᠥᠭᠦᠮ᠂ ᠴᠠᠭ ᠢ ᠬᠠᠮᠤᠭ ᠤᠬᠤᠷ᠂ ᠦᠢᠯᠡᠴᠢᠯᠡᠭᠡ ᠶᠢ ᠬᠠᠮᠤᠭ ᠤᠨ ᠰᠢᠯᠢᠳᠡᠭ ᠪᠠᠶᠢᠯᠭᠠᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号