ᠬᠠᠪᠤᠷ ᠤᠨ ᠤᠯᠠᠷᠢᠯ ᠪᠣᠯ ᠠᠮᠢᠲᠠᠨ ᠤ ᠬᠢᠵᠢᠭ ᠡᠪᠡᠳᠴᠢᠨ ᠣᠯᠠᠨ ᠡᠭᠦᠰᠬᠦ ᠬᠤᠭᠤᠴᠠᠭ᠎ᠠ ᠪᠣᠯᠤᠨ᠎ᠠ᠂ ᠮᠠᠨ ᠤ | ᠣᠷᠣᠨ ᠤ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠭᠤᠷᠪᠠᠳᠠᠬᠢ ᠡᠲᠡᠭᠡᠳ ᠢ ᠵᠣᠬᠢᠶᠠᠨ | ᠪᠠᠶᠢᠭᠤᠯᠤᠨ 2024 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠵᠢᠴᠢ ︽ᠤᠷᠢᠳᠠᠪᠠᠷ ᠲᠠᠷᠢᠯᠭ᠎ᠠ ᠬᠢᠵᠦ ᠳᠠᠷᠠᠭ᠎ᠠ ᠨᠢ ᠨᠥᠬᠦᠪᠥᠷᠢᠯᠡᠬᠦ︾ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠵᠤ᠂ ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠶᠢᠨ ︽ᠤᠷᠢᠳᠠᠪᠠᠷ ᠲᠠᠷᠢᠯᠭ᠎ᠠ ᠬᠢᠵᠦ | ᠳᠠᠷᠠᠭ᠎ᠠ ᠨᠢ ᠨᠥᠬᠦᠪᠥᠷᠢᠯᠡᠬᠦ︾ ᠠᠵᠢᠯ ᠢ ᠪᠥᠬᠦ ᠲᠠᠯ᠎ᠠ ᠪᠠᠷ ᠠᠬᠢᠭᠤᠯᠪᠠ᠃ | ᠬᠤᠷᠠᠯ ᠠᠴᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽ᠪᠤᠭᠤᠲᠤ ᠬᠤᠲᠠ ᠶᠢᠨ | ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠶᠢᠨ ︿ᠤᠷᠢᠳᠠᠪᠠᠷ ᠲᠠᠷᠢᠯᠭ᠎ᠠ ᠬᠢᠵᠦ ᠳᠠᠷᠠᠭ᠎ᠠ ᠨᠢ ᠨᠥᠬᠦᠪᠥᠷᠢᠯᠡᠬᠦ﹀ ᠶᠢ | ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠲᠠᠶᠢᠯᠪᠤᠷᠢᠯᠠᠵᠤ᠂ ᠠᠵᠢᠯᠲᠠᠨ ᠤ ᠠᠰᠠᠭᠤᠭᠰᠠᠨ ︽ᠤᠷᠢᠳᠠᠪᠠᠷ ᠲᠠᠷᠢᠯᠭ᠎ᠠ ᠬᠢᠵᠦ ᠳᠠᠷᠠᠭ᠎ᠠ ᠨᠢ ᠨᠥᠬᠦᠪᠥᠷᠢᠯᠡᠬᠦ︾ | ᠨᠥᠬᠦᠪᠥᠷᠢ ᠭᠤᠶᠤᠴᠢᠯᠠᠨ ᠮᠡᠳᠡᠭᠦᠯᠬᠦ ᠨᠥᠬᠦᠴᠡᠯ᠂ ᠨᠥᠬᠦᠪᠥᠷᠢ ᠥᠭᠬᠦ ᠪᠠᠷᠢᠮᠵᠢᠶ᠎ᠠ ᠵᠢᠴᠢ ᠠᠮᠢᠲᠠᠨ ᠤ ᠲᠥᠷᠥᠯ ᠵᠦᠢᠯ | ᠵᠡᠷᠭᠡ ᠠᠰᠠᠭᠤᠳᠠᠯ ᠳᠤ ᠬᠠᠷᠢᠭᠤᠯᠲᠠ ᠥᠭᠪᠡ᠃ ᠲᠠᠷᠠᠭᠠᠴᠢ ᠶᠢᠨ ᠠᠯᠬᠤᠮ ᠳᠤ ᠠᠮᠢᠲᠠᠨ ᠤ ᠸᠠᠺᠼᠢᠨ ᠤ ︽ᠤᠷᠢᠳᠠᠪᠠᠷ | ᠲᠠᠷᠢᠯᠭ᠎ᠠ ᠬᠢᠵᠦ ᠳᠠᠷᠠᠭ᠎ᠠ ᠨᠢ ᠨᠥᠬᠦᠪᠥᠷᠢᠯᠡᠬᠦ︾ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠲᠥᠯᠥᠭᠡ᠂ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠨ᠎ᠠ᠃ |