ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/6
      3 ᠰᠠᠷ᠎ᠠ ᠶᠢᠨ 4 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠵᠦᠪᠯᠡᠬᠦ ᠦᠶ᠎ᠡ ᠳᠤ ᠳᠤᠷᠠᠳᠤᠭᠰᠠᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ᠂ ᠪᠦᠬᠦ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠪᠠᠬᠢᠵᠢᠭᠦᠯᠦᠨ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠠ ᠪᠦᠬᠦᠯᠢ ᠴᠣᠭᠴᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠵᠦᠢᠯᠡᠰ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠬᠢᠨᠠᠨ ᠶᠠᠷᠢᠯᠴᠠᠵᠤ ᠲᠠᠨᠢᠯᠴᠠᠭᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠵᠤ᠂ ᠪᠦᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠲᠡᠭ ᠢ ᠪᠦᠲᠦᠮᠵᠢᠲᠡᠢ ᠪᠠᠭᠤᠷᠠᠭᠤᠯᠬᠤ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠠᠮᠵᠢᠨ᠂ ᠰᠠᠨᠠᠭᠠᠴᠢᠯᠠᠭ᠎ᠠ  ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ︽ᠮᠠᠲ᠋ᠧᠷᠢᠶᠠᠯ ᠢ ᠳᠠᠭᠠᠭᠠᠴᠢᠯᠠᠨ ᠬᠡᠷᠡᠭᠯᠡᠬᠦ︾ ︽ᠦᠪᠦᠷ ᠮᠤᠩᠭᠤᠯ ᠤᠨ ᠮᠠᠲ᠋ᠧᠷᠢᠶᠠᠯ ᠢ ᠬᠡᠷᠡᠭᠯᠡᠬᠦ︾ ᠲᠠᠢ ᠤᠶᠠᠯᠳᠤᠭᠤᠯᠤᠨ ᠲᠣᠨᠤᠭ ᠲᠥᠬᠦᠭᠡᠷᠦᠮᠵᠢ ᠦᠢᠯᠡᠳᠬᠦ᠂ ᠲᠠᠯᠠᠰᠲᠤ ᠴᠠᠬᠢᠭᠤᠷ ᠬᠡᠷᠡᠯ ᠸᠣᠯᠲ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠠᠬᠢᠭᠤᠯᠵᠤ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠥᠪᠡᠷ ᠤᠨ ᠥᠷᠲᠡᠭ ᠢᠶᠠᠷ ᠳᠣᠣᠷ᠎ᠠ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠪᠦᠬᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠳ᠋ᠦᠩᠨᠡᠬᠦ ᠬᠤᠷᠠᠯ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠳᠦᠷᠢᠮ ᠲᠣᠭᠲᠠᠭᠠᠯ ᠲᠣᠭᠲᠠᠭᠠᠬᠤ ᠶᠢ ᠭᠦᠨᠵᠡᠭᠡᠢ ᠠᠬᠢᠭᠤᠯᠵᠤ᠂ ᠠᠵᠢᠯ ᠤᠨ ᠲᠡᠰ ᠳᠠᠷᠠᠭᠠᠯᠠᠯ ᠢ ᠰᠢᠯᠢᠳᠡᠭᠵᠢᠭᠦᠯᠵᠦ᠂ ᠡᠴᠦᠰ ᠲᠤᠨᠢ ᠲᠤᠯᠲᠠᠯ᠎ᠠ ᠠᠳᠬᠤᠬᠤ᠂ ᠪᠣᠳᠠᠲᠠᠢ ᠭᠠᠵᠠᠷ ᠲᠤᠨᠢ ᠥᠭᠡᠷᠡᠴᠢᠯᠡᠬᠦ᠂ ᠦᠨᠳᠦᠰᠦᠨ  ᠳᠤᠨᠢ ᠬᠦᠷᠲᠡᠯ᠎ᠡ ᠵᠠᠰᠠᠬᠤ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠰᠠᠶᠢᠲᠤᠷ ᠪᠠᠬᠢᠵᠢᠭᠦᠯᠵᠦ᠂ ᠰᠠᠶᠢᠲᠤᠷ ᠥᠷᠭᠡᠳᠬᠡᠵᠦ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠠᠷ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠪᠣᠳᠠᠲᠠᠢ ᠠᠳᠬᠤᠨ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ᠂ ᠤᠳᠤᠷᠢᠳᠬᠤ ᠺᠠᠳ᠋ᠷᠴᠤᠳ ᠤᠨ ᠰᠣᠷᠪᠤᠯᠵᠢᠯᠠᠭ᠎ᠠ ᠶᠢ ᠬᠦᠯᠢᠶᠡᠨ ᠠᠪᠴᠤ ᠪᠣᠯᠵᠣᠨ ᠰᠤᠷᠪᠤᠯᠵᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠩᠬᠠᠨ ᠤ ᠵᠠᠬᠢᠳᠠᠯ ᠠᠩᠬᠠᠨ ᠤ ᠰᠣᠷᠪᠤᠯᠵᠢᠯᠠᠭ᠎ᠠ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠠᠩᠬᠠᠨ ᠤ ᠵᠠᠬᠢᠳᠠᠯ ᠠᠩᠬᠠᠨ ᠤ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠠᠮᠢᠳᠤᠷᠠᠯ ᠢ ᠢᠵᠢ ᠪᠦᠷᠢᠳᠦᠭᠦᠯᠬᠦ ᠶᠢ ᠭᠤᠣᠯᠳᠠᠯᠭ᠎ᠠ ᠲᠠᠢ ᠪᠠᠷ ᠰᠠᠶᠢᠲᠤᠷ ᠬᠢᠬᠦ ᠶᠢᠨ ᠲᠣᠭᠤᠷᠢᠨ ᠳᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠤᠨᠤᠪᠴᠢᠲᠠᠢ ᠢᠶᠠᠷ ᠲᠥᠯᠥᠪᠵᠢᠭᠦᠯᠵᠦ᠂ ᠲᠣᠰᠬᠤᠨ ᠤ ᠬᠠᠮᠲᠤ ᠶᠢᠨ ᠠᠵᠤ ᠦᠢᠯᠡᠰ ᠢ ᠪᠤᠵᠠᠭᠠᠶᠢᠷᠠᠭᠤᠯᠵᠤ᠂ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠭᠦᠢᠴᠡᠳ ᠰᠠᠶᠢᠲᠤᠷ ᠬᠡᠷᠡᠭᠯᠡᠵᠦ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠢᠳᠡᠪᠬᠢᠲᠡᠢ ᠳᠡᠯᠭᠡᠷᠡᠭᠦᠯᠵᠦ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号