ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠶᠦᠨᠨᠠᠨ ᠤ ᠲᠥᠯᠥᠭᠡᠯᠡᠭᠴᠢᠳ ᠤᠨ ᠪᠦᠯᠭᠦᠮ ᠳᠤ | ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠰᠦ᠋ | ᠶᠦᠩ ᠵᠦᠩ᠂ ᠰᠢᠦᠢ ᠠᠨ ᠼᠧ᠂ ᠯᠢ ᠸᠧᠨ ᠬᠤᠢ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠯᠢ ᠴᠢᠶᠠᠩ | ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠳᠠᠭᠢᠨ ᠤᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ ᠪᠠᠶᠢᠯ᠎ᠠ᠃ | ᠲᠥᠯᠥᠭᠡᠯᠡᠭᠴᠢᠳ ᠤᠨ ᠶᠠᠷᠢᠬᠤ ᠶᠢ ᠰᠣᠨᠣᠰᠤᠭᠰᠠᠨ ᠤ ᠳᠠᠷᠠᠭ᠎ᠠ ᠯᠢ ᠴᠢᠶᠠᠩ᠂ ᠥᠩᠭᠡᠷᠡᠭᠰᠡᠨ ᠨᠢᠭᠡ ᠵᠢᠯ ᠳᠤ᠂ | ᠲᠦᠢᠯ ᠤᠨ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠭᠠᠳᠠᠭᠠᠳᠤ ᠳᠠᠷᠤᠯᠲᠠ ᠶᠢ ᠳᠠᠭᠠᠭᠠᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠪᠦᠭᠦ ᠵᠢᠯ ᠤᠨ ᠭᠤᠣᠯ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠡᠲᠡᠭᠡᠷ ᠠᠮᠵᠢᠯᠲᠠ ᠨᠢ ᠭᠢᠯᠪᠠᠷ ᠪᠤᠰᠤ ᠪᠠᠷ ᠢᠷᠡᠭᠰᠡᠨ ᠶᠤᠮ᠂ ᠪᠢᠳᠡ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠩ | ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ | ᠠᠵᠢᠯ ᠢᠶᠠᠨ ᠠᠬᠢᠭᠤᠯᠵᠤ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠶ᠋ᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠠᠵᠢᠯᠯᠠᠵᠤ᠂ ᠠᠯᠢᠪᠠ ᠠᠰᠢᠭᠲᠠᠢ ᠠᠵᠠ ᠲᠣᠭᠢᠶᠠᠯ ᠢ ᠠᠮᠵᠢᠵᠤ᠂ ᠠᠯᠢᠪᠠ | ᠠᠰᠢᠭᠲᠠᠢ ᠨᠥᠬᠦᠴᠡᠯ ᠢ ᠠᠰᠢᠭᠯᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ | ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃ | ᠯᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠶᠦᠨᠨᠠᠨ ᠤ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠪᠠ᠃ | ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠦᠭᠦ ᠲᠠᠯ᠎ᠠ ᠶᠢᠨ ᠪᠠᠶᠢᠷᠢᠯᠠᠭᠤᠯᠤᠯᠲᠠ | ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠣᠳᠠᠲᠠᠢ ᠲᠣᠬᠢᠷᠠᠭᠤᠯᠤᠯᠲᠠ ᠶᠣᠰᠣᠭᠠᠷ᠂ ᠳᠠᠪᠠᠭᠤᠯᠢᠭ ᠢᠶᠠᠨ | ᠭᠦᠢᠴᠡᠳ ᠪᠠᠳᠠᠷᠠᠭᠤᠯᠤᠨ ᠣᠨᠴᠠᠯᠢᠭ ᠢᠶᠠᠨ ᠢᠯᠡᠷᠡᠭᠦᠯᠵᠦ᠂ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ | ᠲᠦᠷᠭᠡᠳᠬᠡᠨ᠂ ᠤᠯᠤᠰ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ | ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ | ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠶᠡᠭᠡ ᠶᠠᠪᠤᠳᠠᠯ ᠢ ᠰᠠᠶᠢᠲᠤᠷ ᠬᠢᠵᠦ᠂ ᠭᠤᠣᠯ | ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠠᠴᠠ ᠡᠭᠦᠰᠴᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ | ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠪᠠᠷᠢᠮᠲᠠᠯᠠᠵᠤ᠂ ᠲᠡᠷᠢᠭᠦᠨ ᠤ ᠦᠢᠯᠡᠳᠬᠦ ᠦᠢᠯᠡᠰ᠂ ᠥᠨᠳᠦᠷᠯᠢᠭ ᠤᠨ | ᠣᠨᠴᠠᠯᠢᠭᠲᠤ ᠲᠠᠷᠢᠶᠠᠯᠠᠩ ᠪᠠ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠭᠠᠳᠠᠭᠠᠳᠤ ᠨᠡᠭᠡᠭᠡᠯᠲᠡ ᠶᠢᠨ | ᠰᠠᠨᠠᠭᠠᠴᠢᠯᠠᠭᠠᠲᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠨ ᠳᠠᠶᠢᠴᠢᠯᠠᠬᠤ ᠲᠥᠪ ᠢ ᠲᠦᠷᠭᠡᠳᠬᠡᠨ | ᠪᠠᠶᠢᠭᠤᠯᠵᠤ᠂ ᠵᠡᠭᠦᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠨᠠᠩ ᠶᠡᠭᠡ ᠡᠷᠴᠢᠮ ᠢᠶᠠᠷ | ᠵᠣᠯᠭᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠠᠳᠠᠭᠠᠳᠤ ᠨᠡᠭᠡᠭᠡᠯᠲᠡ ᠶᠢᠨ ᠰᠢᠨ᠎ᠡ ᠳᠠᠪᠠᠭᠤᠯᠢᠭ ᠪᠣᠯᠭᠠᠨ ᠨᠠᠩ | ᠰᠠᠶᠢᠲᠤᠷ ᠬᠤᠪᠢᠷᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠲᠠᠭᠤ ᠡᠭᠦᠷᠭᠡ ᠶᠢ ᠪᠣᠳᠠᠲᠠᠢ ᠠᠳᠬᠤᠵᠤ᠂ ᠬᠡᠪᠴᠢᠶᠡᠵᠢᠯ ᠤᠨ ᠴᠢᠨᠠᠷᠲᠠᠢ | ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠭᠰᠠᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠵᠡᠷᠭᠡ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ | ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ᠂ ᠦᠨᠳᠦᠰᠦᠲᠡᠨ ᠤ ᠪᠦᠯᠬᠦᠮᠳᠡᠯ᠂ | ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ | ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |