ᠴᠢᠩᠱᠠᠨ ᠲᠣᠭᠤᠷᠢᠭ ︽3·8︾ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/8
      3 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ︽3· 8︾ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠪᠠ᠃ ᠶᠡᠭᠡ ᠬᠤᠷᠠᠯ ︽ᠨᠠᠮ ᠢᠶᠠᠨ ᠳᠠᠭᠠᠵᠤ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠤ᠂ ᠡᠮᠡᠭᠲᠡᠶᠢᠴᠦᠳ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠶ᠎ᠠ︾ ᠭᠡᠬᠦ ᠭᠤᠣᠯ ᠰᠡᠳᠦᠪ ᠢᠶᠠᠷ᠂ ᠴᠢᠩᠱᠠᠨ ᠲᠣᠭᠤᠷᠢᠭ ᠤᠨ ︽3·8 ᠤᠯᠠᠭᠠᠨ ᠲᠤᠭᠴᠢ︾᠂ ᠴᠢᠩᠱᠠᠨ ᠲᠣᠭᠤᠷᠢᠭ ᠤᠨ ︽ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾ ᠵᠡᠷᠭᠡ ᠰᠢᠯᠢᠳᠡᠭ ᠡᠮᠡᠭᠲᠡᠶᠢᠴᠦᠳ ᠵᠢᠴᠢ ᠴᠢᠩᠱᠠᠨ ᠲᠣᠭᠤᠷᠢᠭ ᠤᠨ ︽3·8  ᠤᠯᠠᠭᠠᠨ ᠲᠤᠭᠴᠢ ᠬᠠᠮᠲᠤ ᠨᠡᠶᠢᠲᠡ︾ ᠵᠡᠷᠭᠡ ᠵᠢᠱᠢᠶᠡᠴᠢ ᠬᠠᠮᠲᠤ ᠨᠡᠶᠢᠲᠡ ᠶᠢ ᠨᠡᠶᠢᠲᠡᠯᠡᠵᠦ᠂ ᠪᠦᠬᠦ ᠲᠤᠭᠤᠷᠢᠭ ᠤᠨ ᠡᠯ᠎ᠡ ᠠᠵᠢᠯ ᠲᠦᠷᠦᠯ ᠤᠨ ᠡᠮᠡᠭᠲᠡᠶᠢᠴᠦᠳ ᠤᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠦᠯᠢᠬᠡᠷ ᠳᠠᠭᠤᠷᠢᠶᠠᠯ ᠤᠨ ᠬᠦᠴᠦᠨ ᠢᠶᠠᠷ ᠡᠮᠡᠭᠲᠡᠶᠢᠴᠦᠳ ᠢ ᠬᠦᠴᠦᠯᠡᠨ ᠵᠣᠷᠢᠭᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠲᠤᠯᠤᠭᠠᠨ ᠰᠢᠨ᠎ᠡ ᠴᠢᠩᠱᠠᠨ︾ ᠢ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ︕       ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠢᠦᠢ ᠼᠠᠢ ᠹᠧᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠦ ᠯᠢᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠵᠦᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠶᠦᠨ ᠰᠢᠶᠣᠣ ᠶᠠᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠶᠢᠩ ᠽᠢ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠢ ᠬᠤᠩ᠂ ᠵᠠᠩ ᠯᠢᠩ ᠳ᠋ᠢ ᠬᠤᠷᠠᠯ ᠳᠤ ᠣᠷᠣᠯᠴᠠᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠡᠷᠬᠢᠯᠡᠭᠴᠢ ᠼᠤᠤ ᠵᠢᠦᠢ ᠬᠤᠷᠠᠯ  ᠢ ᠡᠷᠭᠢᠯᠡᠪᠡ᠃ ᠴᠢᠩᠱᠠᠨ ᠲᠣᠭᠤᠷᠢᠭ ᠤᠨ ᠣᠶᠢᠷ᠎ᠠ ᠶᠢᠨ ᠵᠢᠯ ᠳᠤ ᠢᠷᠠᠭᠤ ᠠᠯᠳᠠᠷ ᠭᠥᠷᠳᠡᠭᠰᠡᠨ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ︽3· 8 ᠤᠯᠠᠭᠠᠨ ᠲᠤᠭᠴᠢ︾ ᠶᠢᠨ ᠲᠥᠯᠥᠭᠡᠯᠡᠭᠴᠢ᠂ ᠡᠯ᠎ᠡ ᠬᠦᠷᠢᠶᠡᠨ ᠤ ᠰᠢᠯᠢᠳᠡᠭ ᠡᠮᠡᠭᠲᠡᠢ ᠲᠥᠯᠥᠭᠡᠯᠡᠭᠴᠢ᠂ 2024 ᠣᠨ ᠳᠤ ᠨᠡᠶᠢᠲᠡᠯᠡᠭᠰᠡᠨ ᠴᠢᠩᠱᠠᠨ ᠲᠣᠭᠤᠷᠢᠭ ᠤᠨ ᠰᠢᠯᠢᠳᠡᠭ ᠡᠮᠡᠭᠲᠡᠢ᠂ ᠵᠢᠱᠢᠶᠡᠴᠢ ᠬᠠᠮᠲᠤ ᠶᠢᠨ ᠬᠠᠷᠢᠭᠤᠴᠠᠯᠭᠠᠲᠠᠨ᠂ ᠲᠣᠭᠤᠷᠢᠭ ᠤᠨ ᠬᠠᠷᠢᠶ᠎ᠠ ᠣᠷᠣᠨ᠂ ᠲᠣᠭᠤᠷᠢᠭ ᠲᠤ ᠰᠠᠭᠤᠭ᠎ᠠ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ ᠤᠨ ᠡᠮᠡᠭᠲᠡᠶᠢᠴᠦᠳ ᠤᠨ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠡᠯ᠎ᠡ ᠵᠡᠭᠡᠯᠢ ᠪᠠᠯᠭᠠᠰᠤ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ᠂ ᠬᠡᠰᠡᠭ ︽ᠬᠤᠶᠠᠷ ᠰᠢᠨ᠎ᠡ︾ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠶᠡᠭᠡ ᠬᠤᠷᠠᠯ ᠳᠡᠭᠡᠷ᠎ᠡ᠂ ᠰᠢᠦᠢ ᠼᠠᠢ ᠹᠧᠩ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠡᠮᠡᠭᠲᠡᠶᠢᠴᠦᠳ ᠤᠨ ᠦᠢᠯᠡᠰ ᠤᠨ ᠪᠦᠬᠦ ᠲᠠᠯ᠎ᠠ ᠪᠠᠷ ᠬᠥᠭᠵᠢᠬᠦ ᠶᠢ ᠪᠠᠷᠢᠮᠲᠠᠯᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠬᠤ ᠵᠢᠴᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠦ᠂ ᠡᠯ᠎ᠡ ᠱᠠᠲᠤᠨ ᠤ ᠡᠮᠡᠭᠲᠡᠶᠢᠴᠦᠳ ᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ︽ᠡᠮᠡᠭᠲᠡᠶᠢᠴᠦᠳ ᠤᠨ ᠤᠶᠤᠨ ᠤᠬᠠᠭᠠᠨ︾ ᠢ ᠴᠢᠷᠮᠠᠶᠢᠨ ᠡᠷᠭᠦᠵᠦ᠂ ︽ᠡᠮᠡᠭᠲᠡᠶᠢᠴᠦᠳ ᠤᠨ ᠢᠷᠠᠭᠤ ᠬᠠᠭᠤᠳᠠᠰᠤ︾ ᠶᠢ ᠪᠢᠴᠢᠭᠯᠡᠬᠦ ᠶᠢ ᠤᠷᠢᠶᠠᠯᠠᠪᠠ︕
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号