1—2 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠨᠡᠮᠡᠭᠳᠡᠬᠦ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2024/4/1
      1—2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠰᠦᠯᠵᠢᠶ᠎ᠡ ᠪᠠᠷ ᠰᠢᠭᠤᠳ ᠮᠡᠳᠡᠭᠦᠯᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠨᠡᠶᠢᠲᠡ 27.17 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.7%᠎ ᠪᠠᠷ ᠨᠡᠮᠡᠭᠳᠡᠨ᠂ ᠢᠯᠡᠳᠲᠡ ᠳᠡᠭᠡᠭᠰᠢᠯᠡᠬᠦ ᠬᠠᠨᠳᠤᠰᠢ ᠲᠠᠢ ᠪᠣᠯᠵᠠᠢ᠃       ᠠᠩᠬ᠎ᠠ ᠠᠯᠬᠤᠮ ᠤᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠎ ᠠᠴᠠ ᠦᠵᠡᠪᠡᠯ᠂ ᠴᠢᠩᠱᠠᠨ ᠲᠣᠭᠤᠷᠢᠭ ᠤᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠪᠦᠯᠦᠭᠯᠡᠯ ᠴᠠᠭᠠᠨ ᠰᠠᠷ᠎ᠠ ᠶᠢᠨ ᠠᠮᠠᠷᠠᠯᠲᠠ ᠎ ᠶᠢᠨ ᠨᠥᠯᠥᠭᠡ ᠬᠦᠷᠲᠡᠭᠰᠡᠨ ᠪᠠᠷ ᠨᠡᠯᠢᠶᠡᠳ ᠪᠠᠭ᠎ᠠ ᠪᠠᠶᠢᠵᠤ᠂ 2 ᠰᠠᠷ᠎ᠠ ᠎ ᠶᠢᠨ ᠡᠴᠦᠰ ᠪᠣᠯᠲᠠᠯ᠎ᠠ ᠡᠨᠧᠷᠭᠢ ᠬᠡᠷᠡᠭᠯᠡᠭᠰᠡᠨ ᠬᠡᠮᠵᠢᠶ᠎ᠡ ᠨᠢ ᠠᠳᠠᠯᠢ ᠬᠤᠭᠤᠴᠠᠭᠠᠨ ᠎ ᠠᠴᠠ ᠥᠨᠳᠥᠷ ᠪᠠᠶᠢᠵᠤ᠂ ᠲᠡᠭᠦᠨ ᠤ ᠬᠠᠷᠢᠶᠠᠨ ᠳᠠᠬᠢ ᠲᠡᠮᠦᠷᠯᠢᠭ ᠪᠤᠰᠤ ᠠᠭᠤᠷᠬᠠᠢ ᠎ ᠶᠢᠨ ᠪᠦᠲᠦᠭᠡᠭᠳᠡᠬᠦᠨ ᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠎ ᠶᠢᠨ ᠬᠡᠷᠡᠭᠯᠡᠭᠡᠨ ᠤ ᠶᠡᠷᠦᠩᠬᠡᠢ ᠨᠡᠮᠡᠭᠳᠡᠯ ᠤᠨ ᠬᠤᠷᠳᠤᠴᠠ ᠎ ᠶᠢ ᠳᠤᠮᠳᠠ ᠪᠠᠶᠢᠷᠢᠨ ᠳᠤ ᠬᠦᠷᠭᠡᠵᠦ᠂ 1—2 ᠳ᠋ᠤᠭᠠᠷ ᠰᠠᠷ᠎ᠠ ᠳᠤ ᠨᠡᠶᠢᠲᠡ 10.63 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 41.9% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.2 ᠵᠠᠭᠤᠨ ᠤ ᠨᠢᠭᠡᠴᠢ ᠥᠨᠳᠥᠷ ᠪᠣᠯᠵᠠᠢ᠃       2 ᠰᠠᠷ᠎ᠠ ᠶᠢᠨ ᠡᠴᠦᠰ ᠪᠣᠯᠲᠠᠯ᠎ᠠ᠂ ᠴᠢᠩᠱᠠᠨ ᠲᠣᠭᠤᠷᠢᠭ ᠤᠨ ᠤᠯᠠᠮᠵᠢᠯᠠᠯᠲᠤ ᠡᠨᠧᠷᠭᠢ ᠶᠢᠨ ᠬᠡᠷᠡᠭᠯᠡᠭᠡᠨ ᠤ ᠭᠤᠣᠯ ᠬᠦᠴᠦᠨ ᠪᠣᠯᠤᠭᠰᠠᠨ ᠲᠣᠭᠤᠷᠢᠭ ᠲᠤ ᠰᠠᠭᠤᠭ᠎ᠠ ᠴᠠᠬᠢᠯᠭᠠᠨ᠂ ᠢᠯᠴᠢ᠂ ᠤᠰᠤᠨ ᠭᠠᠷᠤᠯᠲᠠ ᠶᠢᠨ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠡᠶᠢᠲᠡ 15.85 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠪᠡ᠃ ᠡᠨᠡ ᠨᠢ ᠭᠤᠣᠯᠳᠠᠭᠤ ᠲᠣᠰ ᠵᠢᠯ ᠤᠨ 1—2 ᠳ᠋ᠤᠭᠠᠷ ᠰᠠᠷ᠎ᠠ ᠳᠤ ᠭᠠᠵᠠᠷ ᠣᠷᠣᠨ ᠤ ᠠᠭᠠᠷ ᠤᠨ ᠳᠤᠯᠠᠭᠠᠨ ᠤ ᠬᠡᠯᠪᠡᠯᠵᠡᠯ ᠨᠡᠯᠢᠶᠡᠳ ᠶᠡᠭᠡ᠂ ᠢᠯᠴᠢ ᠬᠠᠩᠭᠠᠬᠤ ᠳᠠᠭᠠᠭᠠᠴᠠ ᠶᠡᠭᠡ᠂ ᠢᠯᠴᠢ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠠᠵᠢᠯᠯᠠᠭᠠᠨ ᠤ ᠪᠠᠶᠢᠳᠠᠯ ᠣᠷᠭᠢᠯ ᠬᠡᠮᠵᠢᠭᠳᠡᠯ ᠤᠨ ᠬᠡᠪᠴᠢᠶᠡᠨ ᠳᠤ ᠣᠷᠣᠵᠤ᠂ ᠴᠠᠬᠢᠯᠭᠠᠨ ᠭᠠᠷᠭᠠᠬᠤ᠂ ᠢᠯᠴᠢ ᠭᠠᠷᠭᠠᠬᠤ ᠡᠨᠧᠷᠭᠢ ᠶᠢᠨ ᠬᠤᠷᠣᠭᠳᠠᠯ ᠤᠨ ᠣᠷᠣᠭᠤᠯᠤᠯᠲᠠ ᠳᠡᠭᠡᠭᠰᠢᠯᠡᠭᠰᠡᠨ ᠠᠴᠠ ᠪᠦᠬᠦ᠋ᠢᠯᠡ ᠠᠵᠢᠯ ᠲᠥᠷᠥᠯ ᠤᠨ ᠡᠨᠧᠷᠭᠢ ᠬᠡᠷᠡᠭᠯᠡᠬᠦ ᠶᠢ ᠵᠡᠷᠭᠡ ᠪᠠᠷ ᠳᠡᠭᠡᠭᠰᠢᠯᠡᠭᠦᠯᠬᠦ ᠬᠠᠨᠳᠤᠰᠢ ᠲᠠᠢ ᠪᠣᠯᠭᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号