ᠮᠦᠩᠬᠡᠵᠢᠯ ᠵᠠᠮ ᠤᠨ ᠵᠡᠭᠡᠯᠢ ᠭᠤᠳᠤᠮᠵᠢ ᠭᠤᠷᠪᠠᠨ ᠠᠷᠭ᠎ᠠ ᠬᠡᠮᠵᠢᠶ᠎ᠡ ᠠᠪᠴᠤ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/10
     ᠮᠦᠩᠬᠡᠵᠢᠯ ᠵᠠᠮ ᠵᠡᠭᠡᠯᠢ ᠭᠤᠳᠤᠮᠵᠢ ᠶᠢᠨ ᠬᠢᠨ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠵᠦ᠂ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃       ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠭᠲᠠ ᠪᠠᠶᠢᠷᠢᠯᠠᠭᠤᠯᠤᠨ᠎ᠠ      ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠨ᠂ ᠠᠶᠤᠯᠭᠦᠢ ᠦᠢᠯᠡᠳᠪᠦᠷᠢᠯᠡᠯ ᠤᠨ ᠬᠤᠷᠠᠯ ᠢ ᠬᠤᠷᠠᠯᠳᠤᠭᠤᠯᠵᠤ᠂ ᠬᠠᠷᠢᠶᠠᠲᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠠᠵᠢᠯ ᠲᠥᠷᠥᠯ ᠳᠤ ᠠᠶᠤᠯᠭᠦᠢ ᠪᠠᠶᠢᠳᠠᠯ ᠢ ᠰᠤᠳᠤᠯᠤᠨ ᠮᠠᠭᠠᠳᠯᠠᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠂ ᠠᠰᠠᠭᠤᠳᠠᠯ ᠤᠨ ᠤᠬᠠᠮᠰᠠᠷ᠂ ᠲᠦᠭᠰᠢᠭᠦᠷᠢ ᠶᠢᠨ ᠤᠬᠠᠮᠰᠠᠷ ᠪᠠ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠨ᠎ᠠ᠃       ᠬᠤᠶᠠᠷ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ      ᠵᠡᠭᠡᠯᠢ ᠭᠤᠳᠤᠮᠵᠢ ᠶᠢᠨ ᠤᠳᠤᠷᠢᠳᠤᠯᠭ᠎ᠠ ᠪᠦᠯᠬᠦᠮ ᠳᠠᠭᠠᠭᠤᠯᠤᠨ 7 ᠨᠡᠶᠢᠭᠡᠮ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠪᠠᠶᠢᠴᠠᠭᠠᠭᠴᠢ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠰᠢᠲᠠᠮᠠᠬᠠᠢ ᠬᠡᠢ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠪᠣᠯᠣᠨ ᠬᠥᠮᠥᠨ ᠲᠥᠪᠯᠡᠷᠡᠭᠰᠡᠨ ᠲᠠᠯᠠᠪᠤᠷ ᠲᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠪᠡ᠃ ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠵᠤ᠂ ᠣᠯᠵᠤ ᠮᠡᠳᠡᠭᠰᠡᠨ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ᠂ ᠡᠯ᠎ᠡ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠬᠢᠨᠠᠮᠠᠭᠠᠢ ᠰᠠᠶᠢᠲᠤᠷ ᠬᠢᠵᠦ᠂ ᠲᠣᠰ ᠨᠢᠭᠡᠴᠡ ᠶᠢᠨ ᠢᠶᠠᠨ ᠠᠶᠤᠯ ᠲᠦᠭᠰᠢᠭᠦᠷᠢ ᠶᠢᠨ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃       ᠭᠤᠷᠪᠠ᠂ ᠢᠳᠡᠪᠬᠢᠲᠡᠢ ᠪᠠᠷ ᠤᠬᠠᠭᠤᠯᠵᠤ᠂ ᠣᠷᠴᠢᠨ ᠪᠠᠶᠢᠳᠠᠯ ᠢ ᠪᠤᠢ ᠪᠤᠯᠭᠠᠨ᠎ᠠ      ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠤᠨ ᠠᠷᠭ᠎ᠠ ᠵᠠᠮ ᠢᠶᠠᠷ ᠰᠦᠯᠵᠢᠶᠡᠨ ᠳᠡᠭᠡᠷᠡᠬᠢ ᠤᠬᠠᠭᠤᠯᠭ᠎ᠠ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠠᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ᠂ ᠪᠥᠬᠦ ᠲᠠᠯ᠎ᠠ ᠶᠢᠨ ᠤᠬᠠᠭᠤᠯᠭ᠎ᠠ ᠬᠢᠵᠦ᠂ ᠠᠷᠠᠳ ᠣᠯᠠᠨ ᠤ ᠠᠮᠤᠷ ᠲᠦᠪᠰᠢᠨ ᠤ ᠤᠬᠠᠮᠰᠠᠷ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号