ᠪᠤᠭᠤᠲᠤ ᠬᠤᠲᠠ ᠶᠢᠨ ᠴᠢᠩᠱᠠᠨ ᠲᠣᠭᠤᠷᠢᠭ ᠬᠢᠭᠡᠳ ᠬᠥᠬᠡᠬᠤᠲᠠ ᠶᠢᠨ ᠢᠦᠢ ᠴᠢᠤᠸᠠᠨ ᠲᠣᠭᠤᠷᠢᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠲᠤᠷᠠᠨ ᠡᠭᠦᠳᠴᠦ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/4/10
      ᠡᠯ᠎ᠡ ᠵᠦᠢᠯ ᠤᠨ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠳᠤ ᠲᠥᠪᠯᠡᠷᠡᠭᠦᠯᠬᠦ ᠶᠢ ᠠᠬᠢᠭᠤᠯᠵᠤ᠂ ᠣᠷᠣᠨ ᠪᠦᠰᠡ ᠠᠯᠤᠰᠯᠠᠭᠰᠠᠨ᠂ ᠬᠦᠷᠢᠶ᠎ᠡ ᠠᠯᠤᠰᠯᠠᠨ ᠬᠤᠯᠪᠤᠭᠠᠯᠠᠨ ᠰᠢᠨ᠎ᠡ ᠶᠢ ᠡᠭᠦᠳᠴᠦ ᠬᠤᠯᠪᠤᠭᠠᠯᠠᠨ ᠪᠠᠶᠢᠭᠤᠯᠬᠤ ᠶᠢ  ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠪᠤᠭᠤᠲᠤ ᠬᠤᠳᠠ ᠶᠢᠨ ᠴᠢᠩᠱᠠᠨ ᠲᠣᠭᠤᠷᠢᠭ ᠬᠢᠭᠡᠳ ᠬᠥᠬᠡᠬᠤᠲᠠ ᠶᠢᠨ ᠢᠦᠢ ᠴᠢᠤᠸᠠᠨ ᠲᠣᠭᠤᠷᠢᠭ ᠲᠠᠢ ᠬᠤᠯᠪᠤᠭᠠᠯᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠬᠤᠯᠪᠤᠭᠠᠯᠠᠨ ᠰᠢᠨ᠎ᠡ ᠶᠢ ᠡᠭᠦᠳᠴᠦ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠡᠢ᠃       ᠠᠵᠢᠯᠯᠠᠭ᠎ᠠ ᠶᠢᠨ ᠳᠤᠮᠳᠠ ᠪᠤᠭᠤᠲᠤ ᠶᠢᠨ ᠪᠦᠯᠬᠦᠮᠳᠡᠯ ᠤᠨ ᠠᠭᠤᠳᠠᠮ ᠲᠠᠯᠠᠪᠠᠢ᠂ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠴᠡᠭ ᠢ ᠲᠣᠭᠤᠷᠢᠨ ᠦᠵᠡᠵᠦ᠂ ᠴᠢᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠣᠳᠠᠲᠠᠢ ᠭᠠᠵᠠᠷ ᠲᠤᠨᠢ ᠣᠶᠢᠯᠠᠭᠠᠵᠤ᠂ ᠬᠤᠶᠠᠷ ᠡᠲᠡᠭᠡᠳ ᠢᠶᠠᠷ ᠢᠶᠠᠨ ᠭᠦᠨᠵᠡᠭᠡᠢ ᠶᠠᠷᠢᠯᠴᠠᠨ ᠰᠣᠯᠢᠯᠴᠠᠪᠠ᠃ ᠡᠭᠦᠨ ᠤ ᠬᠠᠮᠲᠤ᠂ ᠴᠢᠩᠱᠠᠨ ᠲᠣᠭᠤᠷᠢᠭ ᠪᠠ ᠢᠦᠢ ᠴᠢᠤᠸᠠᠨ ᠲᠣᠭᠤᠷᠢᠭ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠬᠠᠮᠲᠤᠷᠠᠨ ᠴᠣᠭᠴᠠᠯᠠᠵᠤ ᠬᠠᠮᠲᠤ ᠪᠠᠷ ᠪᠠᠶᠢᠭᠤᠯᠬᠤ ᠬᠡᠯᠡᠯᠴᠡᠭᠡᠷ︾ ᠢ ᠲᠣᠭᠲᠠᠵᠤ᠂ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠤᠨ᠂ ᠦᠨᠳᠦᠰᠦᠲᠡᠨ ᠤ ᠠᠵᠢᠯ ᠤᠨ ︽ᠭᠤᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠢ ᠲᠦᠯᠬᠢᠨ ᠠᠬᠢᠭᠤᠯᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶ᠎ᠡ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠴᠢᠩᠱᠠᠨ  ᠳᠤ ᠥᠨᠢᠳᠡ ᠴᠡᠴᠡᠭᠯᠡᠭᠦᠯᠦᠨ ᠳᠡᠯᠭᠡᠷᠡᠭᠦᠯᠦᠨ᠎ᠡ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号