ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/4/10
      ᠣᠶᠢᠷ᠎ᠠ ᠳᠤ᠂ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠦᠯᠬᠦᠮᠳᠡᠯ ᠲᠠᠯᠠᠪᠤᠷ ᠲᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠡᠷᠭᠢᠯᠡᠵᠦ᠂ ᠲᠤᠬᠠᠢ ᠶᠢᠨ ᠲᠠᠯᠠᠪᠤᠷ ᠲᠤ ᠣᠯᠠᠨ ᠵᠦᠢᠯ ᠤᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ᠂ ᠡᠮ ᠡᠮᠨᠡᠯᠭᠡ ᠶᠢᠨ ᠪᠠᠶᠢᠭᠤᠯᠤᠮᠵᠢ ᠳᠤ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ 16 ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠤᠷᠢᠪᠠ᠃ ᠣᠶᠢᠯᠠᠭᠠᠭᠰᠠᠨ ᠢᠶᠠᠷ᠂ ᠴᠢᠩᠱᠠᠨ ᠲᠣᠭᠤᠷᠢᠭ ᠤᠨ ᠬᠢᠨ ᠢᠷᠡᠭᠡᠳᠦᠢ ᠳᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠲᠠᠢ ᠬᠠᠮᠲᠤᠷᠠᠨ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠬᠤ᠂ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ ᠡᠮ ᠡᠮᠨᠡᠯᠭᠡ ᠶᠢᠨ ᠪᠠᠶᠢᠭᠤᠯᠤᠮᠵᠢ ᠵᠢᠴᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠶᠢᠨ ᠬᠠᠮᠲᠤ ᠤᠬᠠᠮᠰᠠᠷ  ᠠᠴᠠ ᠪᠠᠨ ᠬᠠᠮᠠᠭᠠᠯᠠᠬᠤ ᠶᠢ ᠲᠦᠯᠬᠢᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠷᠬᠡ ᠠᠰᠢᠭ ᠢ ᠪᠠᠲᠤᠯᠠᠬᠤ ᠴᠢᠬᠤᠯᠠ ᠡᠭᠦᠷᠭᠡ ᠶᠢ ᠰᠠᠶᠢᠲᠤᠷ ᠡᠭᠦᠷᠭᠡᠯᠡᠬᠦ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号