ᠨᠠᠶᠢᠳᠠᠨ ᠬᠠᠷᠠᠭᠠᠯᠵᠠᠬᠤ ᠦᠢᠯᠡᠴᠢᠯᠡᠭᠡᠨ ᠤ ᠬᠡᠯᠡᠯᠴᠡᠭᠡᠷ ᠢ ᠲᠤᠭᠲᠠᠭᠠᠪᠠ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠵᠡᠭᠡᠯᠢ ᠪᠠᠯᠭᠠᠰᠤ᠂ ᠨᠡᠶᠢᠭᠡᠮ ᠲᠣᠭᠤᠷᠢᠭ᠂ ᠬᠠᠷᠠᠭᠠᠯᠵᠠᠬᠤ ᠬᠥᠮᠥᠨ ᠦᠭᠡᠢ ᠣᠨᠴᠠ ᠬᠦᠴᠢᠷᠳᠡᠯ ᠲᠠᠢ ᠠᠰᠠᠷᠠᠨ ᠲᠡᠵᠢᠭᠡᠭᠰᠡᠳ ᠵᠢᠴᠢ ᠭᠤᠷᠪᠠᠳᠠᠭᠢ ᠡᠲᠡᠭᠡᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠴᠤᠭᠯᠠᠭᠤᠯᠤᠨ ︽ᠲᠠᠷᠠᠬᠠᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠣᠨᠴᠠ ᠬᠦᠴᠢᠷᠳᠡᠯ ᠲᠠᠢ ᠬᠥᠮᠥᠰ ᠢ ᠨᠠᠶᠢᠳᠠᠨ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠬᠡᠯᠡᠯᠴᠡᠭᠡᠷ︾᠎ ᠢ ᠬᠠᠮᠲᠤ ᠪᠠᠷ ᠲᠣᠭᠲᠠᠵᠤ᠂ ᠣᠨᠴᠠ ᠬᠦᠴᠢᠷᠳᠡᠯ ᠲᠠᠢ ᠲᠠᠷᠠᠬᠠᠢ ᠠᠰᠠᠷᠠᠨ ᠲᠡᠵᠢᠭᠡᠬᠦ ᠬᠥᠮᠥᠰ ᠲᠤ ᠳᠦᠷᠢᠮᠵᠢᠭᠰᠡᠨ ᠠᠰᠠᠷᠠᠨ ᠰᠤᠪᠢᠯᠠᠬᠤ ᠦᠢᠯᠡᠴᠢᠯᠡᠭᠡ ᠬᠠᠩᠭᠠᠵᠤ᠂ ᠣᠨᠴᠠ ᠬᠦᠴᠢᠷᠳᠡᠯ ᠲᠠᠢ ᠬᠥᠮᠥᠰ ᠤᠨ ᠰᠠᠨᠠᠭ᠎ᠠ ᠵᠣᠪᠠᠭ᠋ᠤ ᠶᠠᠪᠤᠳᠠᠯ ᠢ ᠰᠢᠢᠳᠪᠦᠷᠢᠯᠡᠵᠡᠢ᠃ ᠣᠲᠣ ᠪᠣᠯᠲᠠᠯ᠎ᠠ᠂ ᠪᠥᠬᠦ ᠲᠤᠭᠤᠷᠢᠭ ᠤᠨ ᠬᠠᠷᠠᠭᠠᠯᠵᠠᠬᠤ ᠬᠥᠮᠥᠨ ᠦᠭᠡᠢ ᠣᠨᠴᠠ ᠬᠦᠴᠢᠷᠳᠡᠯᠲᠡᠢ ᠶᠢ ᠠᠰᠠᠷᠠᠨ ᠲᠡᠵᠢᠭᠡᠬᠦ 6 ᠬᠥᠮᠥᠨ ᠴᠥᠮ ᠵᠥᠪᠯᠡᠯᠴᠡᠭᠡᠷ ᠲᠣᠭᠲᠠᠵᠤ᠂ ᠦᠯᠡᠳᠡᠭᠰᠡᠨ ᠣᠨᠴᠠ ᠬᠦᠴᠢᠷᠳᠡᠯᠲᠡᠢ ᠶᠢ ᠰᠠᠯᠭᠠᠨ ᠠᠰᠠᠷᠠᠨ ᠲᠡᠵᠢᠭᠡᠵᠦ ᠪᠠᠶᠢᠭ᠎ᠠ ᠬᠥᠮᠥᠰ ᠠᠯᠬᠤᠮ ᠠᠯᠬᠤᠮ ᠢᠶᠠᠷ ᠦᠢᠯᠡᠴᠢᠯᠡᠭᠡᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号