2024 ᠣᠨ ᠤ ᠨᠢᠭᠡᠳᠦᠭᠡᠷ ᠤᠯᠠᠷᠢᠯ ᠳᠤ᠂ ᠴᠢᠩᠱᠠᠨ ᠲᠣᠭᠤᠷᠢᠭ ᠤᠨ ᠭᠠᠷ ᠳᠠᠮᠵᠢᠭᠰᠠᠨ ᠮᠠᠰᠢᠨ ᠲᠡᠷᠭᠡᠨ ᠤ | ᠠᠷᠠᠯᠵᠢᠶᠠᠨ ᠤ ᠬᠡᠮᠵᠢᠶ᠎ᠡ ᠦᠷᠭᠦᠯᠵᠢᠯᠡᠨ ᠥᠷᠭᠡᠳᠴᠦ᠂ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ | ᠦᠳᠲᠡᠷ ᠲᠦᠷᠭᠡᠨ ᠬᠥᠭᠵᠢᠵᠦ᠂ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠴᠢᠬᠤᠯᠠ ᠨᠡᠮᠡᠭᠳᠡᠯ ᠤᠨ ᠴᠡᠭ ᠪᠣᠯᠵᠠᠢ᠃ | 1——3 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠭᠠᠷ | ᠳᠠᠮᠵᠢᠭᠰᠠᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 26.7 | ᠳᠠᠬᠢᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ | ᠬᠤᠳᠠᠯᠳᠤᠭᠰᠠᠨ ᠲᠤᠭ᠎ᠠ 16.5 ᠵᠠᠭᠤᠨ ᠤ ᠨᠢᠭᠡᠴᠢ ᠨᠡᠮᠡᠭᠳᠡᠵᠡᠢ᠃ ᠡᠭᠦᠨ ᠳᠤ 3 ᠳ᠋ᠤᠭᠠᠷ ᠰᠠᠷ᠎ᠠ ᠶᠢᠨ ᠲᠣᠰ | ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠭᠠᠷ ᠳᠠᠮᠵᠢᠭᠰᠠᠨ ᠮᠠᠰᠢᠨ ᠲᠡᠷᠭᠡᠨ ᠤ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.4 ᠳᠠᠬᠢᠨ ᠨᠡᠮᠡᠭᠳᠡᠵᠦ᠂ ᠲᠦᠷᠦᠭᠦᠸ ᠰᠠᠷ᠎ᠠ ᠶᠢᠨ | ᠬᠢ ᠠᠴᠠ 2.4 ᠳᠠᠬᠢᠨ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ ᠴᠥᠮ ᠳᠠᠬᠢᠨ ᠢᠶᠠᠷ ᠨᠡᠮᠡᠭᠳᠡᠬᠦ | ᠬᠠᠨᠳᠤᠰᠢ ᠲᠠᠢ ᠪᠠᠶᠢᠨ᠎ᠠ᠃ ᠭᠠᠷ ᠳᠠᠮᠵᠢᠭᠰᠠᠨ ᠮᠠᠰᠢᠨ ᠲᠡᠷᠭᠡᠨ ᠤ ᠲᠦᠷᠭᠡᠨ ᠬᠥᠭᠵᠢᠯᠲᠡ ᠶᠢᠨ ᠰᠢᠯᠲᠠᠭᠠᠨ ᠨᠢ | ᠭᠤᠣᠯᠳᠠᠭᠤ ᠳᠣᠣᠷᠠᠬᠢ ᠳᠥᠷᠪᠡᠨ ᠵᠦᠢᠯ ᠪᠣᠶ᠄ ᠨᠢᠭᠡ ᠳᠤ ᠰᠦᠯᠵᠢᠶᠡᠨ ᠳᠡᠭᠡᠷᠡᠬᠢ ᠠᠷᠠᠯᠵᠢᠶᠠᠨ ᠤ ᠲᠠᠪᠴᠠᠩ ᠢ | ᠲᠦᠭᠡᠮᠡᠯᠵᠢᠭᠦᠯᠦᠨ᠎ᠡ᠃ ᠰᠦᠯᠵᠢᠶᠡᠨ ᠳᠡᠭᠡᠷᠡᠬᠢ ᠰᠣᠯᠢᠯᠴᠠᠭᠠᠨ ᠤ ᠲᠠᠪᠴᠠᠩ ᠨᠢ ᠬᠡᠷᠡᠭᠯᠡᠭᠴᠢᠳ ᠲᠤ ᠨᠠᠩ ᠳᠥᠭᠦᠮ | ᠳᠥᠲᠡ᠂ ᠥᠨᠳᠥᠷ ᠪᠦᠲᠦᠮᠵᠢᠲᠡᠶ᠂ ᠢᠯᠡ ᠲᠣᠳᠣ ᠰᠣᠯᠢᠯᠴᠠᠭᠠᠨ ᠤ ᠦᠢᠯᠡᠴᠢᠯᠡᠭᠡ ᠬᠠᠩᠭᠠᠬᠤ ᠶᠢᠨ ᠬᠠᠮᠲᠤ | ᠰᠣᠩᠭᠤᠯᠲᠠ ᠶᠢᠨ ᠣᠯᠠᠨ ᠶᠠᠩᠵᠤᠲᠤ ᠴᠢᠨᠠᠷ ᠢ ᠴᠤ ᠨᠡᠮᠡᠭᠳᠡᠭᠦᠯᠦᠭᠰᠡᠨ ᠪᠠᠶᠢᠨ᠎ᠠ᠃ ᠬᠤᠶᠠᠷ ᠲᠤ ᠶᠠᠰᠤ ᠴᠢᠨᠠᠷ ᠪᠠ | ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠡᠷᠦᠬᠡ ᠮᠠᠰᠢᠨ ᠲᠡᠷᠭᠡ ᠶᠢ ᠪᠠᠶᠢᠴᠠᠭᠠᠨ ᠰᠢᠯᠭᠠᠬᠤ ᠪᠠ | ᠰᠡᠯᠪᠢᠨ ᠵᠠᠰᠠᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠨᠠᠩ ᠪᠥᠬᠦ ᠲᠠᠯ᠎ᠠ ᠶᠢᠨ ᠪᠣᠷᠤᠯᠠᠭᠤᠯᠭ᠎ᠠ ᠶᠢᠨ | ᠳᠠᠷᠠᠭᠠᠬᠢ ᠦᠢᠯᠡᠴᠢᠯᠡᠭᠡ ᠬᠠᠩᠭᠠᠵᠤ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠥᠭᠵᠢᠯᠲᠡ᠃ ᠬᠤᠳᠠᠯᠳᠤᠭᠠᠴᠢᠨ ᠡᠷᠦᠬᠡ ᠵᠢᠭᠡᠯᠡᠯᠭᠡ᠂ | ᠲᠦᠷᠢᠶᠡᠰᠦᠯᠡᠯ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠬᠡᠷᠡᠭᠯᠡᠭᠴᠢᠳ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ᠳᠥᠷᠪᠡ ᠳᠤ ᠦᠨ᠎ᠡ ᠬᠠᠩᠰᠢ ᠶᠢᠨ ᠬᠡᠯᠪᠡᠯᠵᠡᠯᠲᠡ᠃ ᠭᠠᠷ ᠳᠠᠮᠵᠢᠭᠰᠠᠨ ᠲᠡᠷᠭᠡ ᠶᠢ | ᠰᠢᠨ᠎ᠡ ᠲᠡᠷᠭᠡ ᠲᠠᠢ ᠬᠠᠷᠢᠴᠠᠭᠤᠯᠪᠠᠯ ᠴᠢᠨᠠᠷ ᠪᠠ ᠦᠨ᠎ᠡ ᠶᠢᠨ ᠬᠠᠷᠢᠴᠠᠯ ᠢᠶᠠᠷ ᠨᠠᠩ ᠰᠠᠶᠢᠨ ᠪᠠᠶᠢᠵᠤ᠂ ᠬᠠᠮᠤᠭ ᠤᠨ | ᠲᠡᠷᠢᠭᠦᠨ ᠤ ᠰᠣᠩᠭᠤᠯᠲᠠ ᠪᠣᠯᠤᠭᠰᠠᠨ ᠪᠠᠶᠢᠨ᠎ᠠ᠃ | | | | | | |