ᠴᠢᠩᠱᠠᠨ ᠲᠣᠭᠤᠷᠢᠭ ᠤᠨ ᠬᠢᠨ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/4/15
      ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠢᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ 4 ᠰᠠᠷ᠎ᠠ ᠶᠢᠨ 7᠎ ᠤ ᠡᠳᠦᠷ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠵᠡᠢ᠃       ᠲᠣᠰ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ 4 ᠰᠠᠷ᠎ᠠ ᠶᠢᠨ 1᠎ ᠤ ᠡᠳᠦᠷ ᠠᠴᠠ ᠡᠬᠢᠯᠡᠨ 5 ᠰᠠᠷ᠎ᠠ ᠶᠢᠨ 20᠎ ᠤ ᠡᠳᠦᠷ ᠪᠣᠯᠲᠠᠯ᠎ᠠ᠂ ᠳᠠᠶᠢᠴᠢᠯᠠᠯᠲᠠ ᠪᠠᠶᠢᠷᠢᠯᠠᠭᠤᠯᠤᠯᠲᠠ ᠪᠠ ᠲᠥᠪᠯᠡᠷᠡᠩᠭᠦᠢ ᠠᠵᠢᠯᠯᠠᠭ᠎ᠠ ᠭᠡᠵᠦ ᠬᠤᠶᠠᠷ ᠱᠠᠲᠤ ᠬᠤᠪᠢᠶᠠᠨ᠎ᠠ᠃ ᠲᠠᠶᠢᠴᠢᠯᠠᠨ ᠪᠠᠶᠢᠷᠢᠯᠠᠭᠤᠯᠬᠤ ᠱᠠᠲᠤᠨ ᠳᠤ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠨᠢᠭᠡᠴᠡ ᠡᠬᠡ ᠣᠷᠣᠨᠴᠢ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢᠨ ᠠᠭᠤᠯᠭ᠎ᠠ ᠶᠢ ᠶᠡᠬᠡᠪᠡᠷ ᠤᠬᠠᠭᠤᠯᠵᠤ᠂ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠳ᠂ ᠡᠬᠡ ᠣᠷᠣᠨᠴᠢ ᠡᠷᠡᠭᠦᠯ ᠬᠠᠮᠠᠭᠠᠯᠠᠯ ᠤᠨ ᠰᠠᠶᠢᠨ ᠳᠤᠷᠠᠴᠤᠤᠯ᠂ ᠵᠠᠯᠠᠭᠤᠴᠤᠳ ᠤᠨ ᠪᠦᠯᠬᠦᠮ ᠵᠢᠴᠢ ᠥᠷᠭᠡᠨ ᠤᠯᠠᠨ ᠲᠦᠮᠡᠨ ᠢ ᠵᠣᠬᠢᠶᠠᠨ ᠪᠠᠶᠢᠭᠤᠯᠤᠨ ᠲᠠᠶᠢᠴᠢᠯᠠᠵᠤ ᠪᠠᠶᠢᠭᠠᠳ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠤᠨ᠎ᠠ᠃       ᠲᠣᠰ ᠠᠵᠢᠯᠯᠠᠭ᠎ᠠ ᠶᠢᠨ ᠭᠤᠣᠯ ᠰᠡᠳᠦᠪ ᠪᠣᠯ ︽ᠡᠷᠡᠭᠦᠯ ᠡᠩᠬᠡ ᠬᠤᠲᠠ ᠪᠠᠯᠭᠠᠰᠤ᠂ ᠡᠷᠡᠭᠦᠯ ᠡᠩᠬᠡ ᠴᠢᠩᠱᠠᠨ︾ ᠪᠣᠯᠣᠨ᠎ᠠ᠂ ᠡᠭᠦᠨ ᠤ ᠵᠣᠷᠢᠯᠭ᠎ᠠ ᠨᠢ ᠣᠯᠠᠨ ᠲᠦᠮᠡᠨ ᠳᠤ ᠡᠷᠡᠭᠦᠯ ᠡᠩᠬᠡ ᠪᠡᠶ᠎ᠡ ᠶᠢᠨ ᠬᠦᠨᠳᠦ ᠶᠢᠨ ᠬᠤᠪᠢ ᠬᠥᠮᠥᠨ ᠤ ᠡᠷᠡᠭᠦᠯ ᠮᠡᠨᠳᠦ ᠵᠢᠴᠢ ᠡᠷᠡᠭᠦᠯ ᠡᠩᠬᠡ ᠬᠤᠲᠠ ᠪᠠᠯᠭᠠᠰᠤ᠂ ᠡᠷᠡᠭᠦᠯ ᠡᠩᠬᠡ ᠭᠡᠷ ᠪᠦᠯᠢ᠂ ᠡᠷᠡᠭᠦᠯ ᠡᠩᠬᠡ ᠨᠡᠶᠢᠭᠡᠮ ᠲᠣᠭᠤᠷᠢᠭ ᠵᠡᠷᠭᠡ ᠡᠷᠡᠭᠦᠯ ᠡᠩᠬᠡ ᠡᠰ ᠢ ᠡᠭᠦᠳᠦᠨ ᠪᠠᠶᠢᠭᠤᠯᠬᠤ ᠶᠠᠪᠤᠴᠠ ᠳᠠᠬᠢ ᠲᠣᠪᠣᠶᠢᠮ᠎ᠠ ᠪᠠᠶᠢᠷᠢ ᠰᠠᠭᠤᠷᠢ ᠪᠠ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠬᠤ ᠶᠢᠨ ᠲᠥᠯᠥᠭᠡ ᠶᠤᠮ᠃ ᠠᠵᠢᠯᠯᠠᠭ᠎ᠠ ᠳᠤ ᠡᠩ ᠲᠡᠷᠢᠭᠦᠨ ᠳᠤ ︽ᠡᠷᠡᠭᠦᠯ ᠴᠢᠭᠢᠷᠠᠭ ᠪᠡᠶ᠎ᠡ ᠶᠢᠨ ᠬᠦᠨᠳᠦ︾᠎ ᠶᠢᠨ ᠬᠠᠮᠢᠶᠠᠷᠤᠯᠲᠠ ᠶᠢ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠤᠨ ᠬᠤᠰᠢᠭᠤᠴᠢ ᠪᠣᠯᠬᠤ ᠪᠠᠷ ᠴᠢᠷᠮᠠᠶᠢᠬᠤ ᠶᠢ ᠬᠥᠲᠥᠯᠥᠨ ᠵᠢᠯᠤᠭᠤᠳᠴᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃       ᠡᠭᠦᠨ ᠤ ᠵᠡᠷᠭᠡ ᠳᠤ ᠴᠢᠩᠱᠠᠨ ᠲᠣᠭᠤᠷᠢᠭ ᠤᠨ ᠬᠢᠨ ᠪᠠᠰᠠ ᠠᠯᠢ ᠣᠯᠠᠨ ᠭᠤᠣᠯ ᠰᠡᠳᠦᠪᠲᠦ ᠤᠬᠠᠭᠤᠯᠭ᠎ᠠ ᠦᠢᠯᠡᠳᠦᠯᠭᠡ ᠎ ᠶᠢᠨ ᠠᠵᠢᠯᠯᠠᠭ᠎ᠠ ᠥᠷᠨᠢᠭᠦᠯᠬᠦ ᠪᠣᠯᠣᠨ᠎ᠠ᠃ ᠡᠨᠡ ᠬᠦ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠎ ᠬᠢᠨ ᠡᠷᠡᠭᠦᠯ ᠮᠡᠨᠳᠦ ᠶᠢᠨ ᠲᠠᠶᠢᠯᠤᠮᠵᠢ᠂ ᠡᠷᠡᠭᠦᠯ ᠮᠡᠨᠳᠦ ᠶᠢᠨ ᠯᠠᠪᠯᠠᠯᠲᠠ᠂ ᠡᠷᠡᠭᠦᠯ ᠮᠡᠨᠳᠦ ᠶᠢᠨ ᠦᠵᠡᠭᠦᠯᠦᠯᠭᠡ ᠵᠡᠷᠭᠡ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠣᠯᠠᠨ ᠨᠡᠶᠢᠲᠡ ᠳᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠬᠦ ᠪᠣᠯᠣᠨ᠎ᠠ᠃       ᠡᠭᠦᠨ ᠠᠴᠠ ᠭᠠᠳᠠᠨ᠎ᠠ᠂ ᠴᠢᠩᠱᠠᠨ ᠲᠣᠭᠤᠷᠢᠭ ᠲᠤ ᠪᠠᠰᠠ ᠡᠷᠡᠭᠦᠯ ᠡᠩᠬᠡ ᠬᠤᠲᠠ ᠶᠢᠨ ᠡᠷᠡᠭᠦᠯ ᠮᠡᠨᠳᠦ ᠶᠢᠨ ᠡᠰ ᠤᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠦᠷᠭᠦᠯᠵᠢᠯᠡᠨ ᠪᠣᠶ ᠪᠣᠯᠭᠠᠨ᠎ᠠ᠃ ᠡᠨᠡᠬᠦ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠬᠢᠨ ᠨᠢᠭᠡ ᠪᠦᠯᠦᠭ ᠲᠥᠯᠥᠭᠡᠯᠡᠬᠦ ᠴᠢᠨᠠᠷᠲᠠᠢ ᠪᠠᠶᠢᠭᠤᠯᠤᠯᠭ᠎ᠠ᠂ ᠠᠵᠤ ᠠᠬᠤᠶᠢᠯᠠᠯ᠂ ᠲᠣᠰᠬᠤᠨ ᠵᠡᠷᠭᠡ ᠶᠢ ᠰᠣᠩᠭᠤᠨ ᠡᠷᠡᠭᠦᠯ ᠡᠩᠬᠡ  ᠶᠢᠨ ᠡᠰ ᠤᠨ ᠵᠢᠱᠢᠶ᠎ᠡ ᠦᠵᠡᠭᠦᠯᠬᠦ ᠴᠡᠭ ᠪᠣᠯᠭᠠᠵᠤ᠂ ᠡᠷᠡᠭᠦᠯ ᠡᠩᠬᠡ ᠠᠮᠢᠳᠤᠷᠠᠯ ᠤᠨ ᠠᠷᠭ᠎ᠠ ᠬᠡᠯᠪᠡᠷᠢ ᠶᠢ ᠳᠡᠯᠭᠡᠷᠡᠭᠦᠯᠬᠦ ᠪᠠᠷ ᠳᠠᠮᠵᠢᠭᠤᠯᠵᠤ᠂ ᠡᠷᠡᠭᠦᠯ ᠡᠩᠬᠡ ᠣᠷᠴᠢᠨ ᠲᠣᠭᠤᠷᠢᠨ ᠢ ᠪᠤᠢ ᠪᠣᠯᠭᠠᠵᠤ᠂ ᠡᠷᠡᠭᠦᠯ ᠡᠩᠬᠡ  ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠡᠭᠦᠨ ᠢᠶᠠᠷ ᠡᠷᠡᠭᠦᠯ ᠡᠩᠬᠡ ᠬᠤᠳᠠ ᠪᠠᠯᠭᠠᠰᠤᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃       36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠦᠭᠰᠡᠨ ᠶᠠᠪᠤᠳᠠᠯ ᠪᠣᠯ ᠴᠢᠩᠱᠠᠨ ᠲᠣᠭᠤᠷᠢᠭ ᠤᠨ ᠡᠷᠡᠭᠦᠯ ᠡᠩᠬᠡ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠡᠨᠡᠬᠦ ᠠᠵᠢᠯᠯᠠᠭ᠎ᠠ ᠪᠠᠷ ᠳᠠᠮᠵᠢᠭᠤᠯᠤᠨ᠂ ᠨᠡᠩ ᠤᠯᠠᠨ ᠬᠥᠮᠥᠰ ᠤᠨ ᠡᠷᠡᠭᠦᠯ ᠮᠡᠨᠳᠤ ᠶᠢ ᠠᠩᠬᠠᠷᠬᠤ᠂ ᠡᠷᠡᠭᠦᠯ ᠮᠡᠨᠳᠤ ᠳᠤ ᠣᠷᠣᠯᠴᠠᠬᠤ᠂ ᠡᠷᠡᠭᠦᠯ ᠮᠡᠨᠳᠤ ᠶᠢ ᠬᠠᠮᠲᠤ ᠪᠠᠷ ᠡᠳ᠋ᠯᠡᠬᠦ ᠶᠢ ᠬᠥᠲᠥᠯᠥᠨ ᠳᠠᠭᠠᠭᠤᠯᠵᠤ᠂ ᠡᠷᠡᠭᠦᠯ ᠮᠡᠨᠳᠤ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠴᠢᠩᠱᠠᠨ ᠲᠣᠭᠤᠷᠢᠭ ᠢ ᠬᠠᠮᠲᠤ ᠪᠠᠷ ᠴᠣᠭᠴᠠᠯᠠᠨ ᠪᠠᠶᠢᠭᠤᠯᠬᠤ ᠶᠢ ᠬᠥᠲᠥᠯᠥᠨ ᠳᠠᠭᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号