ᠴᠢᠩᠱᠠᠨ ᠲᠣᠭᠤᠷᠢᠭ ᠤᠨ ᠪᠣᠬᠢᠷᠲᠤᠯ ᠦᠭᠡᠢ ᠣᠶᠤᠨᠴᠢ ᠬᠡᠷᠡᠭᠯᠡᠭᠡ ᠲᠠᠰᠤᠷᠠᠯᠲᠠ ᠦᠭᠡᠢ ᠲᠠᠰ ᠳᠡᠪᠰᠢᠪᠡ
ᠨᠡᠶᠢᠲᠡᠯᠡᠭᠰᠡᠨ ᠴᠠᠭ᠄
2024/4/15
      ᠰᠠᠭᠤᠭᠠᠯᠢ ᠠᠷᠠᠳ ᠤᠨ ᠬᠡᠷᠡᠭᠯᠡᠭᠡᠨ ᠤ ᠣᠶᠢᠯᠠᠭᠠᠭᠳᠠᠬᠤᠨ ᠲᠠᠰᠤᠷᠠᠯᠲᠠ ᠦᠭᠡᠢ ᠲᠠᠰ ᠳᠠᠪᠰᠢᠵᠤ᠂ ᠪᠣᠬᠢᠷᠲᠤᠯ ᠦᠭᠡᠢ᠂ ᠣᠶᠤᠨᠴᠢ᠂ ᠡᠷᠡᠭᠦᠯ ᠮᠡᠨᠳᠦ ᠨᠢ ᠵᠠᠬ᠎ᠠ ᠳᠡᠯᠭᠡᠭᠦᠷ ᠤᠨ ᠬᠡᠷᠡᠭᠯᠡᠭᠡᠨ ᠤ ᠰᠢᠨ᠎ᠡ ᠬᠠᠨᠳᠤᠰᠢ ᠪᠣᠯᠪᠠ᠃ ᠤᠶᠤᠯᠢᠭ ᠦᠢᠯᠡᠳᠬᠦᠨ ᠬᠢᠭᠡᠳ ᠦᠢᠯᠡᠴᠢᠯᠡᠭᠡ ᠨᠢ ᠬᠡᠷᠡᠭᠯᠡᠭᠡᠨ ᠤ ᠰᠢᠨ᠎ᠡ ᠬᠠᠶᠢᠷ᠎ᠠ ᠪᠣᠯᠪᠠ᠃ 1 ︱ 3 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠨᠢᠭᠡᠴᠢ ᠭᠡᠷ ᠪᠦᠯᠢ ᠶᠢᠨ ᠣᠶᠤᠨᠲᠤ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ ᠭᠡᠷ ᠪᠦᠯᠢ ᠶᠢᠨ ᠴᠠᠬᠢᠯᠭᠠᠨ ᠬᠡᠷᠡᠭᠰᠡᠯ ᠤᠨ ᠲᠥᠷᠥᠯ ᠤᠨ ᠬᠢ ᠠᠴᠠ 26% ᠎ ᠶᠢ ᠡᠵᠡᠯᠡᠵᠦ᠂ ᠭᠡᠷ ᠪᠦᠯᠢ ᠶᠢᠨ ᠴᠠᠬᠢᠯᠭᠠᠨ ᠬᠡᠷᠡᠭᠰᠡᠯ ᠤᠨ ᠲᠥᠷᠥᠯ ᠤᠨ ᠨᠡᠮᠡᠭᠳᠡᠯ ᠤᠨ ᠬᠤᠷᠳᠤᠴᠠ ᠎ ᠠᠴᠠ 18.9 ᠵᠠᠭᠤᠨ ᠤ ᠨᠢᠭᠡᠴᠢ ᠥᠨᠳᠥᠷ ᠪᠣᠯᠵᠠᠢ᠃ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠬᠥᠮᠥᠰ ᠤᠨ ᠠᠩᠬᠠᠷᠤᠯ ᠢ 1—3 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠨᠢᠭᠡᠴᠢ ᠰᠢᠨ᠎ᠡ ᠡᠨᠧᠷᠭᠢ ᠎ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠎ ᠬᠢ ᠠᠴᠠ 71% ᠨᠡᠮᠡᠭᠳᠡᠵᠦ᠂ ᠬᠢᠵᠠᠭᠠᠷᠯᠠᠭᠰᠠᠨ ᠮᠠᠰᠢᠨ ᠲᠡᠷᠭᠡᠨ ᠤ ᠲᠥᠷᠥᠯ ᠤᠨ ᠨᠡᠮᠡᠭᠳᠡᠯ ᠤᠨ ᠬᠤᠷᠳᠤᠴᠠ ᠠᠴᠠ 49.6 ᠵᠠᠭᠤᠨ ᠤ ᠨᠢᠭᠡᠴᠢ ᠥᠨᠳᠥᠷ ᠪᠣᠯᠵᠤ᠂ ᠬᠢᠵᠠᠭᠠᠷᠯᠠᠭᠰᠠᠨ ᠮᠠᠰᠢᠨ ᠲᠡᠷᠭᠡᠨ ᠤ ᠲᠥᠷᠥᠯ ᠤᠨ ᠨᠡᠮᠡᠭᠳᠡᠯ ᠎ ᠢ 12 ᠵᠠᠭᠤᠨ ᠤ ᠨᠢᠭᠡᠴᠢ ᠨᠡᠮᠡᠭᠳᠡᠭᠦᠯᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号