2024 ᠣᠨ ᠤ ᠪᠤᠭᠤᠲᠤ ᠶᠢᠨ ᠬᠠᠪᠤᠷ ᠤᠨ ᠤᠯᠠᠷᠢᠯ ᠤᠨ ︽ᠲᠣᠰᠬᠤᠨ ᠤ ᠦᠳᠡᠰᠢᠯᠡᠭᠡ︾ ᠶᠢᠨ ᠠᠩᠬᠠᠨ ᠤ ᠦᠵᠡᠰᠬᠦᠯᠡᠩ ᠴᠢᠩᠱᠠᠨ ᠲᠣᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2024/4/16
      ᠭᠤᠶᠣ ᠬᠥᠮᠥᠨ ᠤ ᠶᠢᠷᠲᠢᠨᠴᠦ  ᠶᠢᠨ ᠳᠥᠷᠪᠡᠨ ᠰᠠᠷ᠎ᠠ  ᠳᠤ᠂ ᠤᠳᠠ ᠤᠯᠢᠶᠠᠰᠤᠨ ᠤ ᠰᠠᠯᠬᠢ ᠰᠠᠯᠬᠢᠯᠠᠵᠤ᠂ ᠨᠢᠳᠦ ᠳᠦᠭᠦᠷᠡᠩ ᠨᠣᠭᠤᠭᠠᠨ ᠥᠩᠭᠡ  ᠶᠢᠨ ᠰᠢᠨ᠎ᠡ ᠬᠦᠰᠡᠯ ᠡᠷᠡᠮᠡᠯᠵᠡᠯ  ᠢ ᠣᠯᠵᠤ ᠬᠠᠷᠠᠨ᠎ᠠ᠃ 4 ᠰᠠᠷ᠎ᠠ ᠶᠢᠨ 15 ᠤ ᠡᠳᠦᠷ᠂ ᠴᠢᠩᠱᠠᠨ ᠲᠣᠭᠤᠷᠢᠭ ᠤᠨ ᠰᠢᠩ ᠱᠧᠩ ᠪᠠᠯᠭᠠᠰᠤ ᠶᠢᠨ  ᠴᠢᠨᠳᠠᠭᠠᠨ ᠴᠠᠭᠠᠨ ᠭᠤᠤᠯ ᠤᠨ ᠲᠣᠰᠬᠤᠨ ᠳᠤ ᠪᠤᠭᠤᠲᠤ ᠬᠤᠳᠠ ᠶᠢᠨ ᠬᠠᠪᠤᠷ ᠤᠨ ᠤᠯᠠᠷᠢᠯ ᠤᠨ ︽ᠲᠣᠰᠬᠤᠨ ᠤ ᠦᠳᠡᠰᠢᠯᠡᠭᠡ︾ ᠶᠢᠨ ᠠᠵᠢᠯᠯᠠᠭ᠎ᠠ ᠥᠷᠨᠢᠭᠦᠯᠪᠡ᠃ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠳᠠᠭᠠᠭᠤᠯᠤᠨ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠡᠳᠦᠨ ᠵᠠᠭᠤᠨ ᠤᠯᠠᠨ ᠲᠦᠮᠡᠨ ᠤ ᠰᠣᠨᠢᠷᠬᠠᠯ ᠢ ᠲᠠᠲᠠᠵᠠᠢ᠃       ᠤᠷᠠᠨ ᠰᠠᠶᠢᠬᠠᠨ ᠤ ᠲᠣᠭᠯᠠᠯᠲᠠ ︽ᠮᠠᠨ ᠤ ᠳᠤᠮᠳᠠᠳᠤ ᠶᠢᠨ ᠵᠡᠭᠦᠳᠦ︾ ᠭᠡᠬᠦ ᠳᠠᠭᠤᠤ ᠪᠥᠵᠢᠭ ᠤᠨ ᠳᠤᠮᠳᠠ ᠬᠦᠷ ᠬᠥᠭᠵᠢᠶᠡᠨ ᠲᠠᠢ ᠡᠬᠢᠯᠡᠯ᠎ᠡ᠃ ᠵᠠᠯᠭᠠᠭᠠᠳ ︽ᠬᠥᠬᠡᠮᠳᠦᠭ ᠠᠭᠤᠯᠠ ᠶᠢᠨ ᠵᠠᠮ︾᠂ ︽ᠮᠠᠭᠲᠠᠯ᠎ᠠ︾᠂ ︽ᠥᠪᠡᠷ ᠤᠨ ᠪᠡᠶ᠎ᠡ ᠪᠠᠨ ᠢᠲᠡᠭᠡᠶ᠎ᠡ︾᠂ ᠴᠠᠷᠭᠢᠯ ᠬᠤᠯᠪᠣᠭ᠎ᠠ ︽ᠪᠤᠭᠤᠲᠤ ᠶᠢᠨ ᠥᠩᠭᠡ ᠦᠵᠡᠮᠵᠢ ᠬᠢᠵᠠᠭᠠᠯᠠᠰᠢ ᠦᠭᠡᠢ ᠰᠠᠶᠢᠬᠠᠨ︾᠂ ᠡᠮᠡᠭᠲᠡᠢ ᠰᠣᠷᠣᠭᠴᠢ ᠶᠢᠨ ᠳᠥᠷᠪᠡᠯᠡᠯ ᠳᠠᠭᠤᠤ ︽ᠲᠥᠷᠬᠦᠮ ᠳᠡᠭᠡᠨ ᠬᠠᠷᠢᠭᠰᠠᠨ ᠨᠢ︾᠂ ᠠᠷᠠᠳ ᠤᠨ ᠬᠥᠭᠵᠢᠮ ᠤᠨ ᠨᠠᠶᠢᠷᠠᠯ ᠬᠥᠭᠵᠢᠮ ︽ᠲᠦᠷᠹᠠᠨ ᠤ ᠦᠵᠦᠮ ᠪᠣᠯᠪᠠᠰᠤᠷᠠᠯ᠎ᠠ︾᠂ ᠰᠢᠩ ᠱᠧᠩ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠨᠠᠶᠢᠷᠠᠯ ᠬᠥᠭᠵᠢᠮ ︽ᠰᠢᠩ ᠱᠧᠩ ᠤᠨ ᠳᠠᠭᠤᠤ︾᠂ ︽ᠬᠠᠪᠤᠷ ᠤᠨ ᠳᠤᠮᠳᠠᠳᠤ ᠤᠯᠤᠰ︾᠂ ︽ᠳᠤᠮᠳᠠᠳᠤ ᠶᠢᠨ ᠵᠡᠭᠦᠳᠦ ᠬᠥᠳᠡᠯᠮᠦᠷᠢ ᠶᠢᠨ ᠭᠤᠸ᠎ᠠ︾ ᠵᠡᠷᠭᠡ 12 ᠲᠣᠭᠯᠠᠯᠲᠠ ᠡᠭᠡᠯᠵᠢᠯᠡᠨ ᠲᠣᠭᠯᠠᠪᠠ᠃ ᠲᠣᠭᠯᠠᠭᠴᠢᠳ ᠭᠤᠶᠢᠳᠠ ᠰᠠᠶᠢᠬᠠᠨ ᠪᠥᠵᠢᠭ ᠤᠨ ᠳᠦᠷᠢ᠂ ᠴᠡᠪᠡᠷ ᠴᠡᠭᠡᠯᠬᠡᠨ ᠳᠠᠭᠤᠤ ᠶᠢᠨ ᠠᠶᠠᠯᠭᠤ᠂ ᠣᠷᠭᠢᠯᠤᠮ᠎ᠠ ᠬᠠᠯᠠᠭᠤᠨ ᠤᠷᠮ᠎ᠠ ᠰᠡᠳᠬᠢᠯᠭᠡ ᠪᠠᠷ ᠲᠣᠭᠯᠠᠯᠲᠠ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠦ᠂ ᠲᠤᠬᠠᠢ ᠶᠢᠨ ᠲᠠᠯᠠᠪᠠᠢ ᠳᠤ ᠪᠠᠶᠢᠭᠰᠠᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠵᠤ᠂ ᠲᠣᠰᠬᠤᠨ ᠤ ᠠᠷᠠᠳ ᠲᠤ ᠣᠨᠳᠣᠣ ᠶᠠᠩᠵᠤ ᠶᠢᠨ ᠤᠷᠠᠯᠢᠭ ᠤᠨ ᠬᠦᠷᠲᠡᠭᠡᠯ ᠬᠦᠷᠲᠡᠭᠡᠭᠰᠡᠨ ᠪᠠᠶᠢᠨ᠎ᠠ᠃ ᠨᠤᠲᠤᠭ ᠤᠨ ᠠᠶᠠᠯᠭᠤ᠂ ᠬᠠᠩᠭᠢᠨᠠᠮ᠎ᠠ ᠳᠠᠭᠤᠤ᠂ ᠭᠤᠶᠢᠳᠠ ᠰᠠᠶᠢᠬᠠᠨ ᠪᠥᠵᠢᠭ ᠤᠨ ᠳᠦᠷᠢ ᠶᠢ ᠳᠠᠭᠠᠯᠳᠤᠵᠤ᠂ ᠲᠤᠰ ᠲᠠᠯᠠᠪᠠᠢ ᠶᠢᠨ ᠲᠣᠭᠯᠠᠯᠲᠠ ᠨᠢ ᠬᠠᠷᠢᠶ᠎ᠠ ᠣᠷᠣᠨ ᠤ ᠪᠠᠨ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠡᠯᠪᠡᠭ ᠪᠠᠶᠠᠯᠢᠭ ᠰᠣᠶᠣᠯ ᠤᠨ ᠦᠪᠡᠳᠡᠭᠰᠢ ᠨᠠᠶᠢᠷ ᠢ ᠬᠦᠷᠭᠡᠵᠦ᠂ ᠠᠷᠠᠳ ᠤᠯᠠᠨ ᠤ ᠵᠣᠯ ᠵᠢᠷᠭᠠᠯᠲᠤ ᠲᠠᠩᠰᠤᠭ ᠰᠠᠶᠢᠬᠠᠨ ᠠᠮᠢᠳᠤᠷᠠᠯ ᠢ ᠢᠯᠡᠷᠡᠭᠦᠯᠵᠦ᠂ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠢ ᠠᠬᠢᠭᠤᠯᠬᠤ ᠦᠵᠡᠰᠬᠦᠯᠡᠩᠲᠦ ᠰᠠᠶᠢᠬᠠᠨ ᠬᠤᠷᠢᠶᠠᠩᠭᠤᠢ ᠳᠦᠷᠰᠦ ᠪᠣᠯᠤᠭᠰᠠᠨ ᠪᠠᠶᠢᠨ᠎ᠠ᠃       ︽ᠲᠣᠰᠬᠤᠨ ᠤ  ᠦᠳᠡᠰᠢᠯᠡᠭᠡ︾ ᠶᠢᠨ ᠲᠤᠬᠠᠢ ᠶᠢᠨ ᠲᠠᠯᠠᠪᠠᠢ ᠳᠤ᠂ ᠨᠢᠭᠡ ᠲᠠᠯ᠎ᠠ ᠪᠠᠷ ᠲᠣᠰᠬᠤᠨ ᠤ ᠠᠷᠠᠳ ᠲᠣᠰᠬᠤᠨ ᠤ ᠠᠷᠠᠳ ᠤᠨ ᠰᠣᠨᠢᠷᠬᠠᠭᠰᠠᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠲᠣᠭᠯᠠᠵᠤ᠂ ᠨᠦᠭᠦᠭᠡ ᠲᠠᠯ᠎ᠠ ᠪᠠᠷ  ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢ ᠦᠵᠡᠭᠦᠯᠵᠦ᠂ ᠰᠣᠶᠣᠯ ᠤᠨ ᠣᠷᠳᠣᠨ ᠨᠢ ᠤᠯᠠᠮᠵᠢᠯᠠᠭᠴᠢᠳ ᠢ ᠵᠣᠬᠢᠶᠠᠨ ᠪᠠᠶᠢᠭᠤᠯᠤᠨ ᠤᠬᠠᠭᠤᠯᠤᠨ ᠳᠡᠯᠭᠡᠨ ᠦᠵᠡᠭᠦᠯᠵᠦ ᠬᠤᠳᠠᠯᠳᠤᠬᠤ ᠠᠵᠢᠯᠯᠠᠭ᠎ᠠ ᠥᠷᠨᠢᠭᠦᠯᠵᠦ᠂ ᠮᠠᠰᠢ ᠤᠯᠠᠨ ᠰᠠᠭᠤᠭᠠᠯᠢ ᠠᠷᠠᠳ ᠤᠨ ᠰᠣᠨᠢᠷᠬᠠᠯ ᠢ ᠲᠠᠲᠠᠵᠠᠢ᠃ ᠬᠤᠲᠠ  ᠶᠢᠨ ᠲᠣᠭᠤᠷᠢᠭ  ᠠᠴᠠ ᠢᠷᠡᠭᠰᠡᠨ ᠵᠧᠦ ᠠᠪᠠᠭ᠋ᠠᠢ  ᠶᠢᠨ ᠬᠡᠯᠡᠬᠦ ᠪᠠᠷ᠂ ᠠᠳᠡᠬᠢ ᠲᠣᠭᠯᠠᠯᠲᠠ ᠭᠤᠶᠢᠳᠠ ᠰᠠᠶᠢᠬᠠᠨ᠂ ᠬᠥᠳᠡᠭᠡ ᠲᠣᠰᠬᠤᠨ ᠤ ᠰᠣᠶᠣᠯ ᠴᠡᠴᠡᠭᠯᠡᠨ ᠬᠥᠭᠵᠢᠵᠦ ᠪᠠᠶᠢᠨ᠎ᠠ᠂ ᠡᠨᠡ ᠤᠳᠠᠭ᠎ᠠ  ᠶᠢᠨ ︽ᠲᠣᠰᠬᠤᠨ ᠤ ᠦᠳᠡᠰᠢᠯᠡᠭᠡ︾ ᠳᠤ ᠣᠷᠣᠯᠴᠠᠭᠰᠠᠨ ᠪᠠᠶᠠᠷ ᠪᠠᠭ᠋ᠠᠳᠤᠯ ᠨᠢ ᠪᠤᠰᠤᠳ ᠭᠠᠵᠠᠷ  ᠲᠤ ᠲᠤᠰᠬᠠᠶᠢᠯᠠᠨ ᠣᠴᠢᠵᠤ ᠠᠮᠠᠷᠠᠯᠲᠠ ᠥᠩᠭᠡᠷᠡᠭᠡᠬᠦ ᠥᠩᠭᠡᠷᠡᠯᠲᠡ ᠠᠴᠠ ᠴᠦ ᠳᠠᠪᠠᠭᠰᠠᠨ ᠪᠠᠶᠢᠨ᠎ᠠ ᠭᠡᠪᠡ᠃       ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ︽ᠲᠦᠷᠪᠡᠨ ᠤᠯᠠᠷᠢᠯ ᠤᠨ ᠲᠣᠰᠬᠤᠨ ᠤ ᠦᠳᠡᠰᠢᠯᠡᠭᠡ︾ ᠶᠢᠨ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠰᠢᠯᠢᠳᠡᠭ ᠤᠷᠠᠨ ᠰᠠᠶᠢᠬᠠᠨ ᠤ ᠲᠣᠭᠯᠠᠯᠲᠠ ᠶᠢᠨ ᠡᠩᠨᠡᠭᠡ ᠶᠢ ᠭᠦᠨᠵᠡᠭᠡᠢ ᠠᠭᠤᠳᠠᠯᠵᠤ᠂ ᠡᠯ᠎ᠡ ᠲᠦᠷᠦᠯ ᠤᠨ ᠲᠣᠭᠯᠠᠯᠲᠠ ᠶᠢᠨ ᠠᠵᠢᠯᠯᠠᠭ᠎ᠠ ᠶᠢ ᠬᠠᠮᠲᠤᠷᠠᠨ ᠡᠷᠬᠢᠯᠡᠵᠦ᠂  ᠬᠥᠳᠡᠭᠡ ᠲᠣᠰᠬᠤᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ ᠳᠤ ᠬᠦᠴᠦᠨ ᠨᠡᠮᠡᠷᠢᠯᠡᠵᠦ᠂ ᠤᠯᠠᠨ ᠲᠦᠮᠡᠨ ᠳᠤ ᠨᠡᠩ ᠲᠡᠭᠦᠯᠳᠡᠷ᠂ ᠨᠡᠩ ᠪᠠᠶᠠᠯᠢᠭ᠂ ᠨᠡᠩ ᠴᠢᠨᠠᠷ ᠰᠠᠶᠢᠲᠠᠢ ᠤᠶᠤᠨ ᠤ ᠰᠣᠶᠣᠯ ᠤᠨ ᠠᠮᠢᠳᠤᠷᠠᠯ ᠢ ᠡᠳ᠋ᠯᠡᠭᠦᠯᠦᠨ᠎ᠡ᠃ 
C:\Users\Administrator\Desktop\2024.4.162024年包头春季“村晚”首秀青山区\微信图片_20240416152004.jpg
C:\Users\Administrator\Desktop\2024.4.162024年包头春季“村晚”首秀青山区\微信图片_20240416165912.jpg
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号