ᠴᠢᠩᠱᠠᠨ ᠲᠣᠭᠤᠷᠢᠭ 2024 ᠣᠨ ᠳᠤ ᠭᠠᠳᠠᠭᠠᠳᠤ ᠳᠤ ᠬᠦᠷᠴᠦ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/4/17
      3 ᠰᠠᠷ᠎ᠠ ᠶᠢᠨ 15᠎ ᠤ ᠡᠳᠦᠷ ᠠᠴᠠ 4 ᠰᠠᠷ᠎ᠠ ᠶᠢᠨ 2᠎ ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠤᠭᠤᠲᠤ ᠬᠤᠲᠠ ᠶᠢᠨ 2024 ᠣᠨ ᠤ ︽ᠴᠢᠳᠠᠪᠤᠷᠢᠲᠠᠨ ᠤ ᠲᠡᠷᠢᠭᠦᠨ ᠵᠡᠷᠭᠡ ᠶᠢᠨ ᠶᠡᠭᠡ ᠶᠠᠪᠤᠳᠠᠯ ᠢ ᠳᠠᠭᠠᠭᠠᠨ ᠠᠪᠬᠤ︾ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠡᠯᠰᠡᠬᠦ ᠪᠠ ᠣᠶᠤᠨ ᠤᠬᠠᠭᠠᠨ ᠣᠷᠣᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠴᠢᠩᠱᠠᠨ ᠲᠣᠭᠤᠷᠢᠭ ᠤᠨ 11 ᠠᠵᠤ ᠠᠬᠤᠶᠢᠯᠠᠯ ᠤᠷᠢᠵᠤ ᠡᠯᠰᠡᠬᠦ ᠠᠵᠢᠯᠯᠠᠭ᠎ᠠ ᠳᠤ ᠤᠷᠤᠯᠴᠠᠵᠦ᠂ ᠡᠭᠦᠨ ᠳᠤ ᠲᠥᠪ ᠤᠨ ᠪᠤᠭᠤᠲᠦ ᠳᠤ ᠰᠠᠭᠤᠭ᠎ᠠ ᠠᠵᠤ ᠠᠬᠤᠶᠢᠯᠠᠯ 5᠂ ᠲᠤᠭᠤᠷᠢᠭ ᠤᠨ ᠬᠠᠷᠢᠶ᠎ᠠ ᠭᠤᠣᠯᠳᠠᠯᠭ᠎ᠠ ᠲᠠᠢ ᠠᠵᠤ ᠠᠬᠤᠶᠢᠯᠠᠯ 6 ᠪᠠᠶᠢᠵᠤ᠂ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠣᠷᠣᠨ᠂ ᠱᠠᠨᠰᠢ ᠭᠠᠨᠰᠤ ᠬᠥᠬᠡᠨᠠᠭᠤᠷ᠂ ᠱᠠᠨ ᠰᠢ ᠱᠠᠨᠳᠦ᠋ᠩ ᠾᠧᠨᠠᠨ ᠪᠠ ᠥᠪᠡᠷᠲᠡᠭᠡᠨ ᠵᠠᠰᠠᠬᠤ ᠣᠷᠣᠨ ᠤ ᠲᠠᠪᠤᠨ ᠵᠤᠷᠪᠤᠰ ᠱᠤᠭᠤᠮ᠂ 30 ᠭᠠᠷᠤᠢ ᠳᠡᠭᠡᠳᠦ ᠰᠤᠷᠭᠠᠭᠤᠯᠢ ᠳᠤ ᠬᠦᠷᠴᠦ ᠬᠠᠪᠤᠷ ᠤᠨ ᠡᠯᠰᠡᠯᠲᠡ ᠶᠢᠨ ᠬᠤᠣᠰ ᠰᠣᠩᠭᠤᠭᠤᠯᠢ ᠶᠢᠨ ᠴᠤᠭᠯᠠᠭᠠᠨ᠂ ᠲᠤᠰᠬᠠᠢ ᠲᠠᠯᠠᠪᠤᠷ ᠵᠢᠴᠢ ᠴᠢᠳᠠᠪᠤᠷᠢᠲᠠᠨ ᠡᠯᠰᠡᠬᠦ ᠴᠤᠭᠯᠠᠭᠠᠨ ᠵᠡᠷᠭᠡ ᠠᠵᠢᠯᠯᠠᠭ᠎ᠠ ᠥᠷᠨᠢᠭᠦᠯᠪᠡ᠃ ᠨᠡᠶᠢᠲᠡ 1649 ᠬᠥᠮᠥᠨ ᠡᠯᠰᠡᠵᠦ᠂ ᠡᠭᠦᠨ ᠳᠤ ᠳ᠋ᠣᠺᠲ᠋ᠣᠷ 16᠂ ᠮᠠᠰᠲ᠋ᠧᠷ 639᠂ ᠵᠢᠩᠬᠢᠨᠢ ᠠᠩᠭᠢ ᠶᠢᠨ 958 ᠬᠥᠮᠥᠨ᠂ ᠭᠤᠣᠯᠳᠠᠭᠤ ᠮᠧᠬᠠᠨᠢᠭ᠂ ᠴᠠᠬᠢᠯᠭᠠᠨ᠂ ᠮᠠᠲ᠋ᠧᠷᠢᠶᠠᠯ᠂ ᠠᠦ᠋ᠲ᠋ᠣᠴᠢᠯᠠᠯᠲᠠ᠂ ᠬᠢᠮᠢ ᠶᠢᠨ ᠠᠵᠤ ᠦᠢᠯᠡᠳᠪᠦᠷᠢ ᠵᠡᠷᠭᠡ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠣᠯᠠᠨ ᠲᠥᠷᠥᠯ ᠤᠨ ᠲᠤᠰᠬᠠᠢ ᠮᠡᠷᠭᠡᠵᠢᠯ ᠲᠠᠢ ᠬᠤᠯᠪᠣᠭᠳᠠᠨ᠎ᠠ᠃ ᠡᠭᠦᠨ ᠤ ᠳᠣᠲᠣᠷ᠎ᠠ ᠳᠤᠮᠳᠠᠳᠤ ᠤᠯᠤᠰ ᠤᠨ ᠴᠥᠮ᠎ᠡ ᠎ ᠶᠢᠨ ᠵᠡᠪᠰᠡᠭ ᠤᠨ ᠤᠮᠠᠷᠠᠲᠤ ᠎ ᠶᠢᠨ ᠴᠥᠮ᠎ᠡ ᠎ ᠶᠢᠨ ᠰᠢᠲᠠᠭᠠᠯᠭ᠎ᠠ ᠎ ᠶᠢᠨ ᠲᠣᠨᠤᠭ ᠤᠨ ᠬᠢᠵᠠᠭᠠᠷᠲᠤ ᠺᠣᠮᠫᠠᠨᠢ 346 ᠬᠥᠮᠥᠨ ᠳᠤ ᠠᠵᠢᠯ ᠣᠯᠭᠤᠬᠤ ᠰᠠᠨᠠᠮᠵᠢ ᠲᠠᠢ ᠪᠤᠯᠵᠦ᠂ ᠡᠭᠦᠨ ᠎ ᠳᠤ ᠳ᠋ᠣᠺᠲ᠋ᠣᠷ 12᠂ ᠮᠠᠰᠲ᠋ᠧᠷ 130᠂ ᠵᠢᠩᠬᠢᠨᠢ ᠠᠩᠭᠢ ᠶᠢᠨ 204 ᠬᠥᠮᠥᠨ ᠪᠠᠶᠢᠵᠤ᠂ 54 ᠬᠥᠮᠥᠨ ᠳᠤ ᠠᠵᠢᠯ ᠣᠯᠭᠤᠬᠤ ᠬᠡᠯᠡᠯᠴᠡᠭᠡᠷ ᠲᠣᠭᠲᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号