3 ᠰᠠᠷ᠎ᠠ ᠶᠢᠨ 15 ᠤ ᠡᠳᠦᠷ ᠠᠴᠠ 4 ᠰᠠᠷ᠎ᠠ ᠶᠢᠨ 2 ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠬᠢᠨ | ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠤᠭᠤᠲᠤ ᠬᠤᠲᠠ ᠶᠢᠨ | 2024 ᠣᠨ ᠤ ︽ᠴᠢᠳᠠᠪᠤᠷᠢᠲᠠᠨ ᠤ ᠲᠡᠷᠢᠭᠦᠨ ᠵᠡᠷᠭᠡ ᠶᠢᠨ ᠶᠡᠭᠡ ᠶᠠᠪᠤᠳᠠᠯ ᠢ ᠳᠠᠭᠠᠭᠠᠨ ᠠᠪᠬᠤ︾ ᠬᠠᠪᠤᠷ ᠤᠨ | ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠡᠯᠰᠡᠬᠦ ᠪᠠ ᠣᠶᠤᠨ ᠤᠬᠠᠭᠠᠨ ᠣᠷᠣᠭᠤᠯᠬᠤ | ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠴᠢᠩᠱᠠᠨ ᠲᠣᠭᠤᠷᠢᠭ ᠤᠨ 11 ᠠᠵᠤ ᠠᠬᠤᠶᠢᠯᠠᠯ ᠤᠷᠢᠵᠤ ᠡᠯᠰᠡᠬᠦ | ᠠᠵᠢᠯᠯᠠᠭ᠎ᠠ ᠳᠤ ᠤᠷᠤᠯᠴᠠᠵᠦ᠂ ᠡᠭᠦᠨ ᠳᠤ ᠲᠥᠪ ᠤᠨ ᠪᠤᠭᠤᠲᠦ ᠳᠤ ᠰᠠᠭᠤᠭ᠎ᠠ ᠠᠵᠤ ᠠᠬᠤᠶᠢᠯᠠᠯ 5᠂ | ᠲᠤᠭᠤᠷᠢᠭ ᠤᠨ ᠬᠠᠷᠢᠶ᠎ᠠ ᠭᠤᠣᠯᠳᠠᠯᠭ᠎ᠠ ᠲᠠᠢ ᠠᠵᠤ ᠠᠬᠤᠶᠢᠯᠠᠯ 6 ᠪᠠᠶᠢᠵᠤ᠂ ᠪᠡᠭᠡᠵᠢᠩ ᠲᠢᠶᠠᠨᠵᠢᠨ ᠾᠧᠪᠧᠢ᠂ ᠵᠡᠭᠦᠨ | ᠬᠤᠶᠢᠲᠤ ᠣᠷᠣᠨ᠂ ᠱᠠᠨᠰᠢ ᠭᠠᠨᠰᠤ ᠬᠥᠬᠡᠨᠠᠭᠤᠷ᠂ ᠱᠠᠨ ᠰᠢ ᠱᠠᠨᠳᠦ᠋ᠩ ᠾᠧᠨᠠᠨ ᠪᠠ ᠥᠪᠡᠷᠲᠡᠭᠡᠨ ᠵᠠᠰᠠᠬᠤ ᠣᠷᠣᠨ ᠤ | ᠲᠠᠪᠤᠨ ᠵᠤᠷᠪᠤᠰ ᠱᠤᠭᠤᠮ᠂ 30 ᠭᠠᠷᠤᠢ ᠳᠡᠭᠡᠳᠦ ᠰᠤᠷᠭᠠᠭᠤᠯᠢ ᠳᠤ ᠬᠦᠷᠴᠦ ᠬᠠᠪᠤᠷ ᠤᠨ ᠡᠯᠰᠡᠯᠲᠡ ᠶᠢᠨ ᠬᠤᠣᠰ | ᠰᠣᠩᠭᠤᠭᠤᠯᠢ ᠶᠢᠨ ᠴᠤᠭᠯᠠᠭᠠᠨ᠂ ᠲᠤᠰᠬᠠᠢ ᠲᠠᠯᠠᠪᠤᠷ ᠵᠢᠴᠢ ᠴᠢᠳᠠᠪᠤᠷᠢᠲᠠᠨ ᠡᠯᠰᠡᠬᠦ ᠴᠤᠭᠯᠠᠭᠠᠨ ᠵᠡᠷᠭᠡ ᠠᠵᠢᠯᠯᠠᠭ᠎ᠠ | ᠥᠷᠨᠢᠭᠦᠯᠪᠡ᠃ ᠨᠡᠶᠢᠲᠡ 1649 ᠬᠥᠮᠥᠨ ᠡᠯᠰᠡᠵᠦ᠂ ᠡᠭᠦᠨ ᠳᠤ ᠳ᠋ᠣᠺᠲ᠋ᠣᠷ 16᠂ ᠮᠠᠰᠲ᠋ᠧᠷ 639᠂ ᠵᠢᠩᠬᠢᠨᠢ | ᠠᠩᠭᠢ ᠶᠢᠨ 958 ᠬᠥᠮᠥᠨ᠂ ᠭᠤᠣᠯᠳᠠᠭᠤ ᠮᠧᠬᠠᠨᠢᠭ᠂ ᠴᠠᠬᠢᠯᠭᠠᠨ᠂ ᠮᠠᠲ᠋ᠧᠷᠢᠶᠠᠯ᠂ ᠠᠦ᠋ᠲ᠋ᠣᠴᠢᠯᠠᠯᠲᠠ᠂ ᠬᠢᠮᠢ ᠶᠢᠨ ᠠᠵᠤ | ᠦᠢᠯᠡᠳᠪᠦᠷᠢ ᠵᠡᠷᠭᠡ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠣᠯᠠᠨ ᠲᠥᠷᠥᠯ ᠤᠨ ᠲᠤᠰᠬᠠᠢ | ᠮᠡᠷᠭᠡᠵᠢᠯ ᠲᠠᠢ ᠬᠤᠯᠪᠣᠭᠳᠠᠨ᠎ᠠ᠃ ᠡᠭᠦᠨ ᠤ ᠳᠣᠲᠣᠷ᠎ᠠ ᠳᠤᠮᠳᠠᠳᠤ ᠤᠯᠤᠰ ᠤᠨ ᠴᠥᠮ᠎ᠡ ᠶᠢᠨ ᠵᠡᠪᠰᠡᠭ ᠤᠨ ᠤᠮᠠᠷᠠᠲᠤ | ᠶᠢᠨ ᠴᠥᠮ᠎ᠡ ᠶᠢᠨ ᠰᠢᠲᠠᠭᠠᠯᠭ᠎ᠠ ᠶᠢᠨ ᠲᠣᠨᠤᠭ ᠤᠨ ᠬᠢᠵᠠᠭᠠᠷᠲᠤ ᠺᠣᠮᠫᠠᠨᠢ 346 ᠬᠥᠮᠥᠨ ᠳᠤ ᠠᠵᠢᠯ ᠣᠯᠭᠤᠬᠤ | ᠰᠠᠨᠠᠮᠵᠢ ᠲᠠᠢ ᠪᠤᠯᠵᠦ᠂ ᠡᠭᠦᠨ ᠳᠤ ᠳ᠋ᠣᠺᠲ᠋ᠣᠷ 12᠂ ᠮᠠᠰᠲ᠋ᠧᠷ 130᠂ ᠵᠢᠩᠬᠢᠨᠢ ᠠᠩᠭᠢ ᠶᠢᠨ 204 ᠬᠥᠮᠥᠨ | ᠪᠠᠶᠢᠵᠤ᠂ 54 ᠬᠥᠮᠥᠨ ᠳᠤ ᠠᠵᠢᠯ ᠣᠯᠭᠤᠬᠤ ᠬᠡᠯᠡᠯᠴᠡᠭᠡᠷ ᠲᠣᠭᠲᠠᠭᠰᠠᠨ ᠪᠠᠶᠢᠨ᠎ᠠ᠃ |