ᠳ᠋ᠢᠩ ᠺᠠᠢ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/17
      4 ᠰᠠᠷ᠎ᠠ ᠶᠢᠨ 15 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠢᠩ ᠺᠠᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠴᠢᠩᠱᠠᠨ ᠲᠣᠭᠤᠷᠢᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠣᠬᠢᠷᠠᠭᠤᠯᠤᠯᠲᠠ︾ ᠶᠢ ᠬᠢᠨᠠᠨ ᠵᠥᠪᠯᠡᠵᠦ᠂ ᠪᠥᠬᠦ ᠲᠤᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠬᠡᠷᠡᠭᠲᠡᠢ᠃ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠤᠳᠤᠷᠢᠳᠬᠤ ᠪᠠᠭ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠰᠠᠶᠢᠲᠤᠷ ᠠᠳᠬᠤᠬᠤ ᠶᠢ ᠲᠦᠯᠬᠢᠨ ᠠᠬᠢᠭᠤᠯᠵᠤ᠂ ᠺᠠᠳ᠋ᠷᠴᠤᠳ ᠢ ᠬᠢᠨᠠᠯᠲᠠ ᠪᠠ ᠬᠢᠵᠠᠭᠠᠷᠯᠠᠯ ᠢ ᠬᠦᠯᠢᠶᠡᠬᠦ ᠣᠷᠴᠢᠨ ᠲᠣᠭᠤᠷᠢᠨ ᠳᠤ ᠠᠵᠢᠯᠯᠠᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠬᠤᠷᠠᠯ ᠠᠴᠠ᠂ ᠬᠠᠷᠠᠯᠲᠠ ᠱᠠᠭᠠᠷᠳᠠᠯᠭ᠎ᠠ ᠶᠢ ᠡᠵᠡᠮᠳᠡᠵᠦ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾  ᠤᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠭᠦᠯᠵᠦ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠬᠤ ᠬᠡᠷᠡᠭᠲᠡᠢ᠃ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠪᠠᠷ ︽ᠪᠡᠶ᠎ᠡ ᠪᠠᠷ ᠢᠶᠠᠨ ᠦᠯᠢᠭᠡᠷᠯᠡᠵᠦ︾᠂ ᠭᠤᠣᠯᠳᠠᠯᠭ᠎ᠠ ᠲᠠᠢ ᠬᠦᠷᠢᠶ᠎ᠡ ᠶᠢᠨ ︽ᠬᠡᠷᠡᠭ ᠢ ᠬᠡᠯᠡᠵᠦ ᠰᠠᠬᠢᠯᠭ᠎ᠠ ᠪᠠᠲᠤ ᠶᠢ ᠲᠣᠳᠣᠷᠬᠠᠶᠢᠯᠠᠬᠤ︾ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ ᠳᠡᠪᠰᠢᠭᠦᠯᠦᠭᠰᠡᠨ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠪᠠ ᠵᠠᠯᠠᠭᠤ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠴᠡᠭᠡᠷᠯᠡᠬᠦ᠂ ᠬᠤᠷᠢᠭ᠎ᠠ ᠱᠤᠭᠤᠮ ᠢ ᠰᠠᠬᠢᠬᠤ ᠪᠣᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠳᠡᠭᠡᠳᠦ ᠭᠤᠷᠪᠠᠨ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠴᠢᠩᠱᠠᠨ ᠲᠣᠭᠤᠷᠢᠭ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠳᠤᠮᠳᠠ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠺᠠᠳ᠋ᠷᠴᠤᠳ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ ᠰᠢᠢᠳᠪᠦᠷᠢᠯᠡᠨ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠪᠠ ᠦᠷ᠎ᠡ ᠪᠦᠲᠦᠮᠵᠢ ᠶᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠲᠤᠭᠤᠷᠢᠭ ᠤᠨ ᠱᠠᠲᠤᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠠᠳᠬᠤᠵᠤ᠂ ᠰᠠᠶᠢᠲᠤᠷ ᠳᠠᠭᠠᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠱᠠᠯᠠᠪᠳᠠᠭᠤᠯᠤᠨ ᠵᠢᠯᠤᠭᠤᠳᠬᠤ᠂ ᠤᠬᠠᠭᠤᠯᠤᠨ ᠬᠥᠲᠥᠯᠥᠨ ᠵᠢᠯᠤᠭᠤᠳᠬᠤ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠠᠵᠢᠯ ᠤᠨ ᠲᠤᠰᠬᠠᠢ ᠠᠩᠭᠢ ᠶᠢᠨ ᠪᠦᠷᠢᠯᠳᠦᠭᠦᠨ ᠵᠡᠷᠭᠡ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号