ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠠᠷᠢᠶᠠᠯᠠᠩ ᠤᠨ ᠳᠠᠭᠠᠳᠬᠠᠯ ᠤᠨ ᠠᠵᠢᠯ ᠢ ᠰᠠᠶᠢᠲᠤᠷ ᠠᠳᠬᠤᠵᠤ ᠬᠥᠳᠡᠭᠡ ᠲᠣᠰᠬᠤᠨ ᠤ ᠠᠵᠤ ᠦᠢᠯᠡᠰ ᠤᠨ ᠬᠦᠭᠵᠢᠭᠦᠯᠦᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/18
     ᠲᠠᠷᠢᠶᠠᠯᠠᠩ ᠤᠨ ᠳᠠᠭᠠᠳᠬᠠᠯ ᠤᠨ ᠪᠠᠲᠤᠯᠠᠭ᠎ᠠ ᠶᠢᠨ ᠴᠢᠳᠠᠪᠬᠢ ᠶᠢ ᠤᠯᠠᠮ ᠨᠢᠭᠡ ᠠᠯᠬᠤᠮ ᠪᠠᠳᠠᠷᠠᠭᠤᠯᠵᠦ᠂ ᠲᠠᠷᠢᠶᠠᠯᠠᠩ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ  ᠠᠬᠢᠭᠤᠯᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠢᠳᠡᠪᠬᠢᠲᠡᠢ ᠨᠡᠪᠲᠡᠷᠡᠯᠴᠡᠵᠦ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠲᠠᠷᠢᠶᠠᠯᠠᠩ ᠤᠨ ᠳᠠᠭᠠᠳᠬᠠᠯ ᠤᠨ ᠠᠵᠢᠯ ᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠣᠷᠣᠯᠭ᠎ᠠ ᠡᠭᠦᠳᠬᠦ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠪᠣᠯᠭᠠᠵᠤ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ᠂ ᠡᠯ᠎ᠡ ᠲᠠᠯ᠎ᠠ ᠶᠢᠨ ᠬᠢᠨ ᠬᠠᠮᠵᠢᠯᠴᠠᠬᠤ᠂ ᠳᠠᠭᠠᠳᠬᠠᠯ ᠤᠨ ᠰᠦᠢᠳᠬᠡᠯ ᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠲᠠᠷᠢᠶᠠᠯᠠᠩ ᠤᠨ ᠳᠠᠭᠠᠳᠬᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ᠂ ᠦᠢᠯᠡᠳᠦᠯ ᠢ ᠎ ᠨᠢ ᠪᠠᠳᠠᠷᠠᠭᠤᠯᠬᠤ ᠶᠢ ᠪᠠᠲᠤᠯᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃       ᠨᠢᠭᠡ ᠳᠤ ᠲᠦᠷᠦ ᠶᠢᠨ ᠪᠣᠳᠣᠯᠭ᠎ᠠ ᠶᠢᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠰᠢᠨ᠎ᠡ ᠪᠠᠷ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠳᠠᠭᠠᠳᠬᠠᠯ ᠤᠨ ᠰᠦᠢᠳᠬᠡᠯ ᠤᠨ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠭᠲᠠᠭᠠᠯ ﹇2023﹈ 2 ᠳ᠋ᠤᠭᠠᠷ ᠲᠣᠭᠠᠲᠤ︶᠎ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠲᠠᠢ ᠬᠠᠷᠢᠴᠠᠭᠤᠯᠤᠨ᠂ ᠲᠠᠷᠢᠶᠠᠯᠠᠩ ᠤᠨ ᠳᠠᠭᠠᠳᠬᠠᠯ ᠤᠨ ᠬᠡᠷᠡᠭᠵᠢᠭᠦᠯᠬᠦ ᠦᠨᠳᠦᠰᠦᠨ ᠵᠠᠷᠴᠢᠮ᠂ ᠳᠠᠭᠠᠳᠬᠠᠯ ᠤᠨ ᠠᠭᠤᠯᠭ᠎ᠠ᠂ ᠳᠠᠭᠠᠳᠬᠠᠯ ᠤᠨ ᠬᠦᠷᠢᠶ᠎ᠡ ᠬᠡᠪᠴᠢᠶ᠎ᠡ᠂ ᠨᠥᠬᠦᠪᠦᠷᠢ ᠮᠥᠩᠭᠦ ᠶᠢᠨ ᠲᠤᠭ᠎ᠠ᠂ ᠳᠠᠭᠠᠳᠬᠠᠯ ᠤᠨ ᠵᠠᠷᠤᠳᠠᠯ ᠵᠢᠴᠢ ᠲᠥᠯᠥᠬᠦ ᠪᠠᠷᠢᠮᠵᠢᠶ᠎ᠠ ᠵᠡᠷᠭᠡ ᠶᠢ ᠲᠣᠭᠲᠠᠭᠠᠵᠤ᠂ ᠲᠠᠷᠢᠶᠠᠯᠠᠩ ᠤᠨ ᠠᠵᠤ ᠦᠢᠯᠡᠰ ᠤᠨ ᠳᠠᠭᠠᠳᠬᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠵᠢᠷᠤᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠲᠠᠷᠢᠶᠠᠯᠠᠩ ᠤᠨ ᠳᠠᠭᠠᠳᠬᠠᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃       ᠬᠤᠶᠠᠷ ᠲᠤ᠂ ᠵᠣᠬᠢᠴᠠᠭᠤᠯᠭ᠎ᠠ ᠰᠤᠯᠢᠯᠴᠠᠭ᠎ᠠ ᠪᠠᠨ ᠴᠢᠩᠭᠠᠳᠬᠠᠨ᠎ᠠ᠃ ︽ᠨᠢᠭᠡ ᠤᠯᠠᠷᠢᠯ ᠳᠤ ᠨᠢᠭᠡ ᠲᠣᠬᠢᠷᠠᠭᠤᠯᠬᠤ︾ ᠠᠷᠭ᠎ᠠ ᠮᠠᠶ᠋ᠢᠭ ᠢᠶᠠᠷ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠲᠠᠷᠢᠶᠠᠯᠠᠩ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠯᠤᠭ᠎ᠠ ᠵᠣᠬᠢᠴᠠᠭᠤᠯᠬᠤ ᠪᠠ ᠵᠣᠯᠭᠠᠭᠤᠯᠬᠤ ᠶᠢ ᠴᠢᠩᠭᠠᠳᠬᠠᠵᠤ᠂ ᠳᠠᠭᠠᠳᠬᠠᠯ ᠤᠨ ᠵᠠᠷᠤᠳᠠᠯ ᠤᠨ ᠨᠥᠬᠦᠪᠦᠷᠢ ᠶᠢᠨ ᠪᠡᠯᠡ ᠮᠥᠩᠭᠦ ᠶᠢ ᠢᠯᠭᠠᠷᠠᠭᠤᠯᠵᠤ ᠬᠠᠷᠭᠤᠭᠤᠯᠤᠨ ᠪᠠᠶᠢᠴᠠᠭᠠᠬᠤ᠂ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ ᠶᠢ ᠥᠷᠨᠢᠭᠦᠯᠵᠦ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠨ ᠠᠬᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠳᠠᠭᠠᠳᠬᠠᠯ ᠤᠨ ᠠᠵᠢᠯ ᠢ ᠬᠠᠮᠲᠤᠪᠠᠷ ᠪᠣᠳᠠᠲᠠᠢ ᠳᠤ ᠨᠠᠶᠢᠲᠠᠪᠦᠷᠢᠵᠢᠭᠤᠯᠤᠨ᠎ᠠ᠃       ᠭᠤᠷᠪᠠ ᠳᠤ ᠳᠠᠭᠠᠳᠬᠠᠯ ᠤᠨ ᠰᠦᠢᠳᠬᠡᠯ ᠢ ᠬᠠᠷᠭᠤᠭᠤᠯᠤᠨ ᠣᠯᠭᠤᠬᠤ ᠠᠵᠢᠯ ᠢ ᠴᠢᠩᠭᠠᠳᠬᠠᠨ᠎ᠠ᠃ ᠳᠠᠭᠠᠳᠬᠠᠯ ᠤᠨ ᠵᠠᠷᠤᠳᠠᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠦᠢᠯᠡᠳᠦᠯ ᠢ ᠪᠠᠳᠠᠷᠠᠭᠤᠯᠬᠤ ᠶᠢᠨ ᠲᠦᠯᠦᠭᠡ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠬᠥᠮᠥᠨ ᠬᠠᠷᠢᠭᠤᠴᠠᠬᠤ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ  ᠶᠢ ᠨᠠᠶᠢᠳᠠᠪᠤᠷᠢᠵᠢᠭᠤᠯᠬᠤ ᠪᠠᠷ ᠭᠤᠶᠤᠴᠢᠯᠠᠬᠤ ᠶᠢ ᠬᠠᠷᠢᠭᠤᠴᠠᠵᠤ᠂ ᠲᠤᠭᠤᠷᠢᠭ ᠤᠨ ᠳᠡᠰ ᠤᠨ ᠢᠵᠢ ᠪᠦᠷᠢᠳᠦᠭᠦᠯᠬᠦ ᠪᠡᠯᠡ ᠮᠥᠩᠭᠦ ᠶᠢᠨ ᠲᠥᠰᠥᠪ ᠤᠨ ᠲᠣᠬᠢᠷᠠᠭᠤᠯᠤᠯᠲᠠ᠂ ᠪᠡᠯᠡ ᠮᠥᠩᠭᠦ ᠰᠠᠯᠭᠠᠨ ᠥᠭᠬᠦ᠂ ᠳ᠋ᠦᠩᠨᠡᠨ ᠪᠣᠳᠣᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠯᠠᠷᠢᠯ ᠪᠦᠷᠢ ᠶᠢᠨ ᠬᠢᠨᠠᠨ ᠬᠠᠷᠭᠤᠭᠤᠯᠤᠭᠰᠠᠨ ᠲᠠᠷᠢᠶᠠᠯᠠᠩ ᠤᠨ ᠳᠠᠭᠠᠳᠬᠠᠯ ᠤᠨ ᠲᠥᠷᠥᠯ ᠵᠦᠢᠯ ᠢ ᠢᠯᠭᠠᠷᠠᠭᠤᠯᠤᠨ ᠪᠤᠳᠤᠭᠰᠠᠨ ᠪᠠᠶᠢᠳᠠᠯ ᠢ ᠦᠨᠳᠦᠰᠦᠯᠡᠨ᠂ ᠲᠠᠩᠰᠠ ᠮᠡᠳᠡᠭᠦᠯᠬᠦ ᠪᠡᠯᠡ ᠮᠥᠩᠭᠦ ᠶᠢ ᠬᠢᠨᠠᠨ ᠬᠠᠷᠭᠤᠭᠤᠯᠬᠤ ᠪᠠ ᠢᠯᠭᠠᠷᠠᠭᠤᠯᠤᠨ ᠪᠤᠳᠤᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠲᠤᠰᠬᠠᠢ ᠪᠡᠯᠡ ᠮᠥᠩᠭᠦ ᠶᠢ ᠴᠠᠭ ᠲᠤᠬᠠᠢ ᠳᠤᠨᠢ ᠰᠢᠯᠵᠢᠭᠦᠯᠦᠨ ᠥᠭᠬᠦ ᠶᠢ ᠦᠨᠡᠨᠬᠦ ᠪᠠᠲᠤᠯᠠᠵᠤ᠂ ᠲᠠᠷᠢᠶᠠᠯᠠᠩ ᠤᠨ ᠳᠠᠭᠠᠳᠬᠠᠯ ᠤᠨ ᠲᠦᠭᠰᠢᠭᠦᠷᠢ ᠶᠢ ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠥᠬᠦ ᠲᠤᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号