ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ‌ᠦᠷᠨᠢᠭᠦᠯᠪᠡ
ᠨᠡᠶᠢᠲᠡᠯᠡᠭᠰᠡᠨ ᠴᠠᠭ᠄
2024/4/18
      ᠣᠶᠢᠷ᠎ᠠ ᠳᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ ᠨᠢᠭᠡᠴᠡ ᠲᠠᠢ ᠬᠠᠮᠲᠤᠷᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠴᠡᠭᠴᠡᠯᠡᠨ ᠵᠠᠰᠠᠬᠤ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠨᠡᠶᠢᠲᠡ 300 ᠭᠠᠷᠤᠢ ᠬᠥᠮᠥᠨ ᠣᠷᠣᠯᠴᠠᠵᠤ᠂ ᠵᠣᠣ ᠵᠢᠶᠠ ᠶᠢᠩᠽᠢ ᠲᠣᠰᠬᠤᠨ ᠤ ᠵᠢᠵᠢᠭ ᠬᠤᠭᠤᠯᠠᠨ ᠭᠡᠷ᠂ ᠰᠥᠨᠢ ᠶᠢᠨ ᠵᠠᠬ᠎ᠠ ᠳᠡᠯᠭᠡᠭᠦᠷ ᠤᠨ ᠰᠢᠷᠠᠯᠭ᠎ᠠ ᠶᠢᠨ ᠳᠡᠯᠭᠡᠭᠦᠷ ᠤᠨ ᠬᠡᠷᠡᠭᠯᠡᠬᠦ ᠰᠢᠩᠭᠡᠵᠢᠭᠦᠯᠦᠭᠰᠡᠨ ᠬᠡᠢ ᠶᠢᠨ ᠰᠠᠪᠠ ᠶᠢᠨ ᠬᠤᠭᠤᠴᠠᠭ᠎ᠠ ᠥᠩᠭᠡᠷᠡᠭᠰᠡᠨ ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠭᠰᠠᠨ ᠦᠭᠡᠢ᠂ ᠲᠣᠭᠤᠭᠠᠨ ᠭᠡᠷ ᠤᠨ ᠴᠠᠬᠢᠯᠭᠠᠨ ᠤᠲᠠᠰᠤ ᠭᠠᠳᠠᠭᠰᠢ ᠭᠤᠭᠤᠵᠢᠭᠰᠠᠨ ᠵᠡᠷᠭᠡ ᠠᠮᠤᠷ ᠲᠦᠪᠰᠢᠨ ᠤ ᠳᠠᠯᠳᠠ ᠬᠡᠮ ᠨᠡᠶᠢᠲᠡ 12᠂ ᠬᠠᠶᠠᠭᠳᠠᠮᠠᠯ ᠪᠣᠯᠣᠳ ᠯᠣᠩᠬᠤ 1᠂ ᠰᠡᠵᠢᠭᠯᠡᠯᠲᠡᠢ ᠬᠡᠢ ᠪᠡᠶᠡᠲᠦ ᠶᠢ 2᠂ ᠲᠤᠬᠠᠢ ᠶᠢᠨ ᠲᠠᠯᠠᠪᠤᠷ ᠲᠤ 10 ᠶᠢ ᠴᠡᠭᠴᠡᠯᠡᠨ ᠰᠠᠶᠢᠵᠢᠷᠠᠭᠤᠯᠵᠤ᠂ 2 ᠵᠦᠢᠯ   ᠢ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠬᠦ ᠶᠢ ᠢᠯᠡᠷᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号