ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ  ᠰᠤᠷᠲᠠᠯ ᠴᠢᠬᠡᠴᠢ ᠣᠪᠣᠷ ᠲᠥᠪ ᠠᠭᠤᠷ ᠠᠮᠢᠰᠬᠤᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2024/4/19
      ᠴᠢᠩᠱᠠᠨ ᠲᠣᠭᠤᠷᠢᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢᠨ ᠬᠠᠷᠠᠯᠲᠠ ᠶᠢ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠰᠣᠶᠣᠯ ᠤᠨ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠬᠦ ᠶᠢᠨ ᠲᠥᠯᠥᠭᠡ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠳᠤ ᠰᠠᠭᠤᠷᠢ ᠲᠠᠯᠪᠢᠬᠤ ᠪᠠ ᠪᠠᠶᠢᠩᠭᠤ ᠠᠳᠬᠤᠬᠤ ᠶᠢ ᠴᠢᠬᠤᠯᠠᠴᠢᠯᠠᠬᠤ ᠳᠡᠭᠡᠷ᠎ᠡ ᠬᠦᠴᠦ ᠲᠠᠯᠪᠢᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠠᠷᠢᠭᠤᠨ ᠴᠢᠬᠡᠴᠢ ᠰᠣᠶᠣᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠦᠨᠡᠨᠬᠦ ᠪᠠᠲᠤᠯᠠᠪᠠ᠃       ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤᠳᠬᠠᠨ᠎ᠠ᠃ ᠤᠯᠠᠨ ᠶᠠᠩᠵᠤ ᠶᠢᠨ ᠬᠡᠯᠪᠡᠷᠢ ᠶᠢᠨ ᠠᠷᠢᠭᠤᠨ ᠴᠢᠬᠡᠴᠢ ᠰᠣᠶᠣᠯ ᠤᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠺᠠᠳ᠋ᠷ ᠠᠵᠢᠯᠲᠠᠨ ᠠᠵᠢᠯᠴᠢᠨ ᠤ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠦᠨᠡᠨ ᠬᠦ ᠴᠢᠩᠭᠠᠳᠬᠠᠨ᠎ᠠ᠃ ᠵᠡᠭᠡᠯᠢ ᠭᠤᠳᠤᠮᠵᠢ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠳᠦᠷᠪᠡᠨ ᠱᠠᠲᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠴᠠᠭ ᠲᠤᠬᠠᠢ  ᠳᠤᠨᠢ ᠤᠯᠠᠮᠵᠢᠯᠠᠨ ᠰᠤᠷᠤᠯᠴᠠᠵᠤ᠂ ᠤᠯᠠᠨ ᠤ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢ ᠳᠡᠭᠡᠭᠰᠢᠯᠡᠭᠦᠯᠪᠡ᠃ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠬᠦ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠢᠯᠡᠴᠢᠯᠡᠵᠦ᠂ ᠰᠤᠷᠭᠠᠨ ᠬᠥᠮᠥᠵᠢᠭᠦᠯᠵᠦ ᠰᠦᠷᠳᠡᠭᠦᠯᠬᠦ ᠬᠦᠴᠦᠷᠬᠡᠭ ᠶᠡᠭᠡ ᠦᠢᠯᠡᠳᠦᠯ ᠢ ᠪᠤᠢ ᠪᠣᠯᠭᠠᠵᠤ᠂ ᠺᠠᠳ᠋ᠷ ᠠᠵᠢᠯᠲᠠᠨ ᠠᠵᠢᠯᠴᠢᠨ ᠳᠤ ᠰᠠᠬᠢᠯᠭ᠎ᠠ ᠪᠠᠲᠤ ᠶᠢ ᠰᠠᠬᠢᠬᠤ᠂ ᠰᠡᠷᠡᠮᠵᠢᠯᠡᠨ ᠡᠮᠢᠶᠡᠬᠦ ᠶᠢ ᠴᠠᠭ ᠢᠮᠠᠭᠲᠠ ᠰᠠᠨᠠᠭᠤᠯᠵᠤ᠂ ᠢᠯᠵᠠᠷᠠᠭᠤᠯᠤᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃       ᠤᠬᠠᠭᠤᠯᠭ᠎ᠠ ᠬᠥᠮᠦᠵᠢᠯ ᠬᠢᠵᠦ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠠᠷᠢᠭᠤᠨ ᠴᠢᠬᠡᠴᠢ ᠶᠢ ᠡᠷᠬᠢᠮᠯᠡᠬᠦ ᠠᠭᠤᠷ ᠠᠮᠢᠰᠬᠤᠯ ᠢ ᠪᠤᠢ ᠪᠣᠯᠭᠠᠨ᠎ᠠ᠃ ᠵᠡᠭᠡᠯᠢ ᠭᠤᠳᠤᠮᠵᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠠᠷᠢᠶ᠎ᠠ ᠣᠷᠣᠨ ᠳᠠᠭᠠᠨ ︽ᠨᠢᠭᠡ ᠵᠡᠭᠡᠯᠢ ᠨᠢᠭᠡ ᠦᠢᠯᠡᠳᠬᠦᠨ︾ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠬᠡᠷᠡᠮ ᠢ ᠪᠠᠶᠢᠭᠤᠯᠵᠤ᠂ 3 ᠰᠠᠷ᠎ᠠ ᠳᠤ ᠢᠷᠠᠭᠤ ᠠᠯᠳᠠᠷᠲᠤ ᠨᠡᠶᠢᠭᠡᠮ ᠲᠣᠭᠤᠷᠢᠭ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠬᠡᠷᠡᠮ ᠢ ᠰᠢᠨ᠎ᠡ ᠪᠠᠷ ᠵᠢᠷᠤᠵᠤ ᠲᠥᠯᠥᠪᠯᠡᠨ ᠰᠢᠨᠡᠳᠬᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠲᠤ ᠰᠤᠷᠭᠠᠨ ᠬᠥᠮᠦᠵᠢᠯ ᠬᠦᠷᠲᠡᠭᠡᠨ᠎ᠡ᠃ ᠵᠡᠭᠡᠯᠢ ᠭᠤᠳᠤᠮᠵᠢ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠠᠰᠢᠭᠯᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠴᠠᠭ ᠲᠤᠬᠠᠢ ᠳᠤᠨᠢ ᠳᠠᠮᠵᠢᠭᠤᠯᠤᠨ ᠲᠠᠷᠬᠠᠭᠠᠵᠤ᠂ ᠠᠷᠢᠭᠤᠨ ᠴᠢᠬᠡᠴᠢ ᠶᠢ ᠬᠦᠨᠳᠦᠳᠬᠡᠬᠦ᠂ ᠠᠷᠢᠭᠤᠨ ᠴᠢᠬᠡᠴᠢ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠣᠶ ᠪᠤᠯᠭᠠᠨ᠎ᠠ᠃       ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠪᠦᠲᠦᠭᠡᠨ ᠪᠠᠶᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠭᠡᠷ ᠪᠠᠶᠢᠭᠤᠯᠵᠤ᠂ ᠢᠯᠡᠴᠢᠯᠡᠨ ᠮᠡᠳᠡᠭᠦᠯᠬᠦ ᠬᠠᠶᠢᠷᠴᠠᠭ ᠭᠠᠷᠭᠠᠨ᠂ ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢ ᠨᠡᠶᠢᠲᠡᠯᠡᠬᠦ ᠵᠢᠴᠢ ᠨᠡᠶᠢᠭᠡᠮ ᠲᠣᠭᠤᠷᠢᠭ ᠤᠨ ᠬᠤᠯᠪᠣᠭᠳᠠᠯ ᠪᠦᠬᠦᠢ ᠬᠤᠷᠠᠯᠳᠤᠭᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠰᠤᠯᠠ ᠣᠷᠣᠯᠴᠠᠵᠤ᠂ ︽ᠳᠡᠭᠡᠭᠰᠢ ᠰᠤᠷᠪᠤᠯᠵᠢᠯᠠᠬᠤ ᠪᠠᠶᠢᠭᠰᠠᠨ ᠠᠴᠠ ᠪᠠᠨ ᠳᠣᠷᠣᠭᠰᠢ ᠰᠤᠷᠪᠤᠯᠵᠢᠯᠠᠬᠤ ᠪᠣᠯᠤᠭᠰᠠᠨ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠰᠠᠭᠤᠭᠠᠯᠢ ᠠᠷᠠᠳ ᠤᠨ ᠵᠡᠭᠡᠯᠢ ᠭᠤᠳᠤᠮᠵᠢ ᠶᠢᠨ ᠠᠷᠢᠭᠤᠨ ᠴᠢᠬᠡᠴᠢ ᠪᠠᠷ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠃ ᠺᠠᠳ᠋ᠷ ᠠᠵᠢᠯᠲᠠᠨ ᠠᠵᠢᠯᠴᠢᠨ ᠤ ︽ᠨᠠᠢᠮᠠᠨ ᠴᠠᠭ ᠠᠴᠠ ᠭᠠᠳᠠᠨᠠᠬᠢ︾ ᠶᠢᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠥᠮᠦᠵᠢᠯ ᠢ ᠴᠢᠩᠭᠠᠳᠬᠠᠵᠤ᠂ ᠭᠡᠷ ᠪᠦᠯᠢ ᠶᠢᠨ ᠠᠷᠢᠭᠤᠨ ᠴᠢᠬᠡᠴᠢ ᠶᠢ ᠲᠤᠰᠠᠯᠠᠬᠤ ᠠᠵᠢᠯᠯᠠᠭ᠎ᠠ ᠶᠢ ᠬᠢᠨᠠᠮᠠᠭᠠᠢ ᠥᠷᠨᠢᠭᠦᠯᠵᠦ᠂ ᠠᠷᠢᠭᠤᠨ ᠴᠢᠬᠡᠴᠢ ᠭᠡᠷ ᠤᠨ ᠰᠤᠷᠲᠠᠯ ᠤᠨ ᠪᠠᠶᠢᠭᠤᠯᠤᠯᠲᠠ ᠪᠠᠷ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠠᠵᠢᠯ ᠡᠷᠬᠢᠯᠡᠬᠦ ᠶᠢ ᠠᠬᠢᠭᠤᠯᠵᠤ᠂ ᠠᠷᠢᠭᠤᠨ ᠴᠢᠬᠡᠴᠢ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号