ᠴᠢᠩᠱᠠᠨ ᠲᠣᠭᠤᠷᠢᠭ ᠤᠨ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠬᠤᠮᠵᠢᠶ᠎ᠠ ᠶᠢᠨ ᠠᠷᠠᠳ ᠤᠨ ᠰᠠᠭᠤᠴᠠ 2023 ᠣᠨ ᠤ ᠬᠠᠮᠤᠭ ᠤᠨ ᠭᠤᠶᠣ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/4/19
      4 ᠰᠠᠷ᠎ᠠ ᠶᠢᠨ 16 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠪᠥᠬᠦ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠲᠥᠪ ᠠᠴᠠ ︽2023 ᠣᠨ ᠤ ᠬᠠᠮᠤᠭ ᠤᠨ ᠭᠤᠶᠣ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢᠨ ᠰᠣᠯᠢᠯᠴᠠᠭ᠎ᠠ ᠦᠵᠡᠭᠦᠯᠦᠯᠭᠡ ᠶᠢᠨ ᠠᠵᠢᠯᠯᠠᠭ᠎ᠠ︾ ᠳᠤ ᠰᠣᠩᠭᠤᠭᠳᠠᠭᠰᠠᠳ ᠢ ᠵᠠᠷᠯᠠᠨ ᠨᠡᠶᠢᠲᠡᠯᠡᠵᠦ᠂ ᠴᠢᠩᠱᠠᠨ ᠲᠣᠭᠤᠷᠢᠭ ᠤᠨ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠬᠤᠮᠵᠢᠶ᠎ᠠ ᠶᠢᠨ ᠠᠷᠠᠳ ᠤᠨ ᠣᠷᠣᠨ ᠰᠠᠭᠤᠴᠠ ᠶᠢᠨ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃       ᠲᠣᠭᠤᠷᠢᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ︵ᠪᠦᠲᠦᠭᠡᠨ ᠪᠠᠶᠢᠭᠤᠯᠤᠯᠲᠠ︶ ᠶᠢᠨ ᠡᠵᠡᠩᠨᠡᠯᠲᠡ ᠶᠢᠨ ᠬᠤᠮᠵᠢᠶ᠎ᠠ ᠶᠢᠨ ᠠᠷᠠᠳ ᠤᠨ ᠣᠷᠣᠨ ᠰᠠᠭᠤᠴᠠ ᠨᠢ ︽ᠬᠠᠮᠤᠭ ᠤᠨ ᠭᠤᠶᠤ ᠬᠥᠳᠡᠭᠡ ᠲᠣᠰᠬᠤᠨ ᠤ ᠤᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢᠨ ᠲᠥᠷᠥᠯ ᠤᠨ TOP60︾ ᠳᠤ ᠰᠤᠩᠭᠤᠭᠳᠠᠪᠠ᠃ ᠣᠶᠢᠷ᠎ᠠ ᠶᠢᠨ ᠵᠢᠯ ᠠᠴᠠ ᠨᠠᠰᠢ ᠬᠤᠮᠵᠢᠶ᠎ᠠ  ᠶᠢᠨ ᠠᠷᠠᠳ ᠤᠨ ᠰᠠᠭᠤᠴᠠ ᠨᠢ ᠳ᠋ᠦᠩ ᠳ᠋ᠡ ᠱᠠᠨ ᠠᠭᠤᠯᠠᠨ ᠤ ᠠᠮᠠᠷᠠᠯᠲᠠ  ᠶᠢᠨ ᠲᠣᠰᠬᠤᠨ ᠤ ᠰᠦᠯᠵᠢᠶᠡᠨ ᠤ ᠺᠠᠷᠲ ᠢ ᠴᠣᠬᠢᠬᠤ ᠴᠢᠬᠤᠯᠠ ᠭᠠᠵᠠᠷ ᠪᠣᠯᠤᠭᠰᠠᠨ ᠤ ᠬᠤᠪᠢ ᠳᠤ ᠦᠢ ᠣᠯᠠᠨ ᠵᠤᠭᠠᠴᠠᠭᠰᠠᠳ ᠤᠨ ᠠᠩᠬᠠᠷᠤᠯ  ᠢ ᠲᠠᠲᠠᠵᠤ᠂ ᠲᠣᠭᠤᠷᠢᠨ ᠵᠤᠭᠠᠴᠠᠬᠤ᠂ ᠬᠠᠮᠲᠤ ᠪᠠᠷ ᠪᠠᠶᠢᠭᠤᠯᠬᠤ᠂ ᠬᠤᠨᠣᠭᠯᠠᠬᠤ ᠵᠡᠷᠭᠡ ᠠᠵᠢᠯ ᠢ ᠬᠢᠵᠦ ᠪᠠᠶᠢᠨ᠎ᠠ᠃ 2024 ᠣᠨ ᠳᠤ ᠲᠣᠭᠤᠷᠢᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠬᠤᠮᠵᠢᠶ᠎ᠠ ᠶᠢᠨ ᠠᠷᠠᠳ ᠤᠨ ᠣᠷᠣᠨ ᠰᠠᠭᠤᠴᠠ ᠶᠢ ᠤᠯᠠᠮ ᠨᠢᠭᠡ ᠠᠯᠬᠤᠮ ᠲᠡᠰ ᠳᠡᠪᠰᠢᠭᠦᠯᠵᠦ᠂ ᠵᠤᠭᠠᠴᠠᠭᠰᠠᠳ ᠲᠤ ᠨᠡᠩ ᠰᠢᠯᠢᠳᠡᠭ ᠣᠷᠴᠢᠨ ᠲᠣᠭᠤᠷᠢᠨ ᠪᠣᠯᠣᠨ ᠲᠡᠷᠢᠭᠦᠨ ᠵᠡᠷᠭᠡ ᠶᠢᠨ ᠦᠢᠯᠡᠴᠢᠯᠡᠭᠡ ᠬᠠᠩᠭᠠᠬᠤ ᠪᠠᠷ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号