ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/2
      ᠣᠶᠢᠷ᠎ᠠ ᠳᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠴᠢᠤᠸᠠᠨ ᠳ᠋ᠢᠶᠠᠨ ᠰᠢᠨ᠎ᠡ ᠰᠣᠷᠭᠤᠭ ᠢᠳᠡᠭᠡᠨ᠂ ᠵᠢᠦᠢ ᠾᠦᠢ ᠶᠦᠨ ᠼᠠᠩ ᠬᠥᠮᠥᠷᠭᠡ ᠶᠢᠨ ᠬᠡᠲᠦ ᠳᠡᠯᠭᠡᠭᠦᠷ ᠤᠨ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠠᠪᠤᠭᠰᠠᠨ ᠪᠠᠶᠢᠳᠠᠯ ᠳᠤ ᠪᠠᠶᠢᠴᠠᠭᠠᠯᠲᠠ ᠬᠢᠵᠦ᠂ ᠬᠤᠳᠠᠯᠳᠤᠨ ᠠᠪᠤᠭᠰᠠᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠳᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠪᠥᠬᠦ ᠲᠠᠯ᠎ᠠ ᠪᠠᠷ ᠭᠦᠢᠴᠡᠳᠬᠡᠵᠦ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠬᠤ ᠶᠢᠨ ᠬᠠᠮᠲᠤ ᠦᠯᠡᠳᠡᠭᠡᠨ ᠬᠠᠳᠠᠭᠠᠯᠠᠵᠤ᠂ ᠳᠡᠭᠡᠳᠦ ᠤᠷᠤᠰᠬᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠎ ᠠᠴᠠ ᠡᠬᠢ ᠡᠭᠦᠰᠦᠯ ᠠᠴᠠ ᠎ ᠨᠢ ᠨᠡᠬᠡᠮᠵᠢᠯᠡᠬᠦ ᠭᠡᠷᠡᠴᠢ ᠪᠠᠷᠢᠮᠲᠠ ᠠᠪᠬᠤ ᠶᠢᠨ ᠬᠠᠮᠲᠤ ᠦᠯᠡᠳᠡᠭᠡᠨ ᠬᠠᠳᠠᠭᠠᠯᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠦᠨᠡᠨᠬᠦ ᠪᠠᠲᠤᠯᠠᠬᠤ ᠬᠡᠷᠡᠭᠲᠡᠢ ᠭᠡᠵᠦ ᠭᠤᠣᠯ ᠴᠣᠭᠴᠠ ᠳᠤ ᠲᠣᠳᠣᠷᠬᠠᠢ ᠮᠡᠳᠡᠭᠳᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号