ᠨᠢᠭᠡᠳᠦᠭᠡᠷ ᠤᠯᠠᠷᠢᠯ ᠳᠤ᠂ ᠮᠠᠨ ᠤ ᠲᠤᠭᠤᠷᠢᠭ ᠲᠦᠷᠦᠯ ᠵᠦᠢᠯ ᠤᠨ ᠠᠵᠢᠯ ᠡᠬᠢᠯᠡᠭᠦᠯᠬᠦ ᠠᠬᠢᠴᠠ ᠶᠢ | ᠢᠳᠡᠪᠬᠢᠲᠡᠢ ᠠᠬᠢᠭᠤᠯᠵᠤ᠂ ᠠᠵᠤ ᠦᠢᠯᠡᠳᠪᠦᠷᠢ ᠪᠠ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠤᠨ ᠪᠡᠯᠡ | ᠣᠷᠣᠭᠤᠯᠤᠯᠲᠠ ᠶᠢ ᠰᠠᠶᠢᠲᠤᠷ ᠠᠳᠬᠤᠵᠤ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ | ︽ᠬᠤᠶᠠᠷ ᠳᠡᠭᠡᠭᠰᠢᠯᠡᠬᠦ︾ ᠬᠠᠨᠳᠤᠰᠢ ᠲᠠᠢ ᠪᠣᠯᠪᠠ᠃ | ᠬᠤᠶᠠᠳᠤᠭᠠᠷ ᠠᠵᠤ ᠦᠢᠯᠡᠰ ᠪᠣᠯᠣᠨ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ | ᠪᠦᠲᠦᠴᠡ ᠶᠢᠨ ᠬᠠᠷᠢᠴᠠᠯ ᠨᠢ 81.6᠄ 18.4 ᠪᠣᠯᠣᠨ᠎ᠠ᠃ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 16.7% ᠨᠡᠮᠡᠭᠳᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ | ᠨᠡᠮᠡᠭᠳᠡᠯ ᠢ 14.9 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠺᠣᠮᠫᠢᠦ᠋ᠲ᠋ᠧᠷ ᠤᠨ ᠨᠡᠶᠢᠳᠡᠮ ᠬᠡᠷᠡᠭᠯᠡᠭᠡᠨ ᠤ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠪᠠ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠪᠡᠯᠡ | ᠣᠷᠣᠭᠤᠯᠤᠯᠲᠠ ᠪᠠᠷ ᠭᠤᠣᠯ ᠬᠦᠴᠦᠨ ᠪᠣᠯᠭᠠᠵᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠠᠬᠢ | ᠡᠵᠡᠯᠡᠬᠦ ᠬᠤᠪᠢ ᠶᠢᠨ ᠵᠢᠩ ᠨᠢ ᠲᠣᠰ ᠲᠣᠰ 46.3%᠂ 41.9% ᠪᠣᠯᠣᠨ᠎ᠠ᠃ ᠭᠤᠷᠪᠠᠳᠤᠭᠠᠷ ᠠᠵᠤ ᠦᠢᠯᠡᠰ ᠤᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 127.6% ᠨᠡᠮᠡᠭᠳᠡᠵᠦ᠂ ᠪᠥᠬᠦ ᠲᠤᠭᠤᠷᠢᠭ ᠤᠨ ᠪᠡᠯᠡ | ᠣᠷᠣᠭᠤᠯᠤᠯᠲᠠ ᠶᠢᠨ ᠨᠡᠮᠡᠭᠳᠡᠯ ᠢ 13.2 ᠵᠠᠭᠤᠨ ᠤ ᠨᠢᠭᠡᠴᠢ ᠳᠠᠶᠢᠴᠢᠯᠠᠨ᠂ ᠭᠤᠣᠯᠳᠠᠭᠤ ᠭᠡᠷ ᠪᠠᠶᠢᠰᠢᠩ ᠭᠠᠵᠠᠷ | ᠬᠥᠷᠥᠩᠭᠡ ᠪᠠ ᠨᠡᠶᠢᠭᠡᠮ ᠤᠨ ᠬᠦᠷᠢᠶ᠎ᠡ ︵ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠠᠵᠢᠯ ᠲᠥᠷᠥᠯ︶ ᠶᠢᠨ ᠪᠡᠯᠡ | ᠣᠷᠣᠭᠤᠯᠤᠯᠲᠠ ᠪᠠᠷ ᠭᠤᠣᠯ ᠪᠣᠯᠭᠠᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠠᠬᠢ ᠡᠵᠡᠯᠡᠬᠦ | ᠬᠤᠪᠢ ᠶᠢᠨ ᠵᠢᠩ ᠨᠢ ᠲᠣᠰ ᠲᠣᠰ 78.3᠂ 10.1% ᠳᠤ ᠬᠥᠷᠪᠡ᠃ |