ᠪᠤᠭᠤᠲᠤ ᠶᠢᠨ ᠤᠰᠤᠲᠥ᠋ᠷᠥᠭᠴᠢ ᠡᠨᠧᠷᠭᠢ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ 6 ᠰᠠᠷ᠎ᠠ ᠶᠢᠨ 30᠎ ᠤ ᠡᠳᠦᠷ ᠳᠠᠭᠤᠰᠬᠠᠬᠤ ᠪᠠᠷ ᠲᠦᠯᠦᠪᠯᠡᠵᠦ ᠪᠤᠢ
ᠨᠡᠶᠢᠲᠡᠯᠡᠭᠰᠡᠨ ᠴᠠᠭ᠄
2024/4/22
      ᠲᠤᠰ ᠲᠦᠷᠦᠯ ᠵᠦᠢᠯ ᠨᠢ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 3.4 ᠳ᠋ᠦᠩᠰᠢᠭᠤᠷ ᠲᠥᠭᠦᠷᠢᠭ ᠲᠤ ᠬᠦᠷᠴᠦ᠂ 138 ᠮᠦ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 7.2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠤᠨ ᠤᠰᠤᠲᠥ᠋ᠷᠥᠭᠴᠢ ᠡᠨᠧᠷᠭᠢ ᠶᠢ ᠠᠰᠢᠭᠯᠠᠬᠤ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠰᠢᠨ᠎ᠡ ᠬᠡᠯᠪᠡᠷᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠬᠤ ᠪᠠᠷ ᠪᠤᠢ᠃       ᠣᠳᠣ ᠪᠣᠯᠲᠠᠯ᠎ᠠ᠂ 1 ᠳ᠋ᠦ᠋ᠭᠡᠷ᠂ 2 ᠳ᠋ᠤᠭᠠᠷ᠂ 3 ᠳ᠋ᠤᠭᠠᠷ ᠦᠢᠯᠡᠳᠪᠦᠷᠢ ᠶᠢᠨ ᠪᠠᠶᠢᠰᠢᠩ ᠵᠢᠴᠢ ᠶᠡᠷᠦᠩᠬᠡᠶᠢᠯᠡᠭᠰᠡᠨ ᠠᠰᠠᠷ ᠤᠨ ᠣᠷᠣᠢ ᠶᠢ ᠨᠢᠭᠡᠨᠲᠡ ᠪᠢᠲᠡᠭᠦᠮᠵᠢᠯᠡᠵᠦ᠂ ᠳᠤᠯᠠᠭᠠᠯᠠᠭ᠎ᠠ᠂ ᠤᠰᠤ ᠣᠷᠣᠭᠤᠯᠬᠤ ᠬᠤᠭᠤᠯᠠᠢ᠂ ᠭᠠᠯ ᠤᠨᠲᠠᠷᠠᠭᠠᠬᠤ ᠰᠦᠷᠴᠢᠭᠦᠷ ᠤᠨ ᠬᠤᠭᠤᠯᠠᠢ᠂ ᠤᠲᠤᠭ᠎ᠠ ᠭᠠᠳᠠᠭᠰᠢᠯᠠᠭᠤᠯᠬᠤ ᠬᠤᠭᠤᠯᠠᠢ᠂ ᠭᠠᠯ ᠤᠨᠲᠠᠷᠠᠭᠠᠬᠤ ᠬᠤᠭᠤᠯᠠᠢ ᠶᠢᠨ 65%᠎ ᠶᠢ ᠤᠭᠰᠠᠷᠠᠵᠤ ᠳᠠᠭᠤᠰᠬᠠᠪᠠ᠃ 4 ᠳ᠋ᠦ᠋ᠭᠡᠷ ᠨᠣᠮᠧᠷᠲᠤ ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡ ᠶᠢᠨ ᠭᠤᠣᠯ ᠪᠣᠷᠣ ᠲᠥᠯᠥᠪ ᠤᠨ 95%᠎ ᠶᠢ ᠤᠭᠰᠠᠷᠠᠵᠤ᠂ 5 ᠳ᠋ᠤᠭᠠᠷ ᠨᠣᠮᠧᠷᠲᠤ ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡ ᠶᠢᠨ ᠭᠤᠣᠯ ᠴᠣᠭᠴᠠ ᠶᠢᠨ ᠪᠣᠷᠣ ᠲᠥᠯᠥᠪ ᠢ 80%᠎ ᠶᠢ ᠤᠭᠰᠠᠷᠠᠵᠤ᠂ 6 ᠳ᠋ᠤᠭᠠᠷ ᠨᠣᠮᠧᠷᠲᠤ ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡ ᠶᠢᠨ ᠭᠤᠣᠯ ᠴᠣᠭᠴᠠ ᠶᠢᠨ ᠪᠣᠷᠣ ᠲᠥᠯᠥᠪ ᠢ 80%᠎ ᠶᠢ ᠤᠭᠰᠠᠷᠠᠵᠤ᠂ 4 ᠳ᠋ᠦ᠋ᠭᠡᠷ᠂ 5 ᠳ᠋ᠤᠭᠠᠷ ᠨᠣᠮᠧᠷᠲᠤ ᠲᠤᠰᠠᠯᠠᠬᠤ ᠭᠡᠷ ᠪᠠᠶᠢᠰᠢᠩ ᠤᠨ ᠭᠤᠣᠯ ᠴᠣᠭᠴᠠ ᠶᠢᠨ ᠪᠦᠲᠦᠴᠡ ᠶᠢ 100%᠎ ᠶᠢ ᠪᠡᠶᠡᠯᠡᠭᠦᠯᠵᠦ᠂ ᠤᠰᠤᠲᠥ᠋ᠷᠥᠭᠴᠢ ᠨᠡᠮᠡᠬᠦ ᠥᠷᠲᠡᠭᠡ ᠶᠢᠨ ᠰᠠᠭᠤᠷᠢ ᠶᠢ 100%᠎ ᠶᠢ ᠪᠡᠶᠡᠯᠡᠭᠦᠯᠵᠦ᠂ ᠡᠵᠡᠩᠨᠡᠯᠲᠡ ᠶᠢᠨ ᠥᠷᠲᠡᠭᠡ ᠶᠢᠨ ᠭᠤᠣᠯ ᠴᠣᠭᠴᠠ ᠶᠢ 100%᠎ ᠶᠢ ᠪᠡᠶᠡᠯᠡᠭᠦᠯᠵᠦ᠂ ᠠᠯᠪᠠᠨ ᠤ ᠪᠠ ᠲᠤᠰᠠᠯᠠᠬᠤ ᠭᠡᠷ ᠪᠠᠶᠢᠰᠢᠩ ᠤᠨ ᠰᠠᠭᠤᠷᠢ ᠶᠢ 100%᠎ ᠶᠢ ᠪᠡᠶᠡᠯᠡᠭᠦᠯᠵᠦ᠂ ᠬᠤᠶᠠᠳᠠᠭᠢ ᠪᠠᠷᠢᠯᠭ᠎ᠠ ᠶᠢ ᠶᠡᠷᠦᠩᠬᠡᠢ ᠳᠡᠭᠡᠨ 50%᠎ ᠶᠢ ᠪᠡᠶᠡᠯᠡᠭᠦᠯᠵᠦ᠂ ᠤᠰᠤ ᠶᠢ ᠰᠡᠷᠭᠡᠶᠢᠯᠡᠬᠦ ᠶᠢ 3%᠎ ᠶᠢ ᠪᠡᠶᠡᠯᠡᠭᠦᠯᠵᠦ᠂ ᠭᠠᠳᠠᠷ ᠲᠣᠣᠷ᠂ ᠬᠦᠷᠢᠶ᠎ᠡ ᠬᠡᠷᠡᠮ ᠵᠢᠴᠢ ᠶᠡᠭᠡ ᠡᠭᠦᠳᠡ ᠶᠢᠨ ᠪᠠᠷᠢᠯᠭ᠎ᠠ ᠶᠢ ᠨᠢᠭᠡᠨᠲᠡ ᠲᠠᠯᠠᠪᠠᠶ ᠳᠤ ᠣᠷᠣᠭᠤᠯᠵᠤ᠂ ᠲᠥᠷᠥᠯ ᠵᠦᠢᠯ ᠤᠨ ᠪᠦᠬᠦᠯᠢ ᠴᠣᠭᠴᠠ ᠶᠢ 6 ᠰᠠᠷ᠎ᠠ ᠶᠢᠨ 30᠎ ᠤ ᠡᠳᠦᠷ ᠳᠠᠭᠤᠰᠬᠠᠬᠤ ᠪᠠᠷ ᠲᠦᠯᠦᠪᠯᠡᠵᠦ ᠪᠤᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号