ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠣᠷᠣᠬᠤ ᠵᠥᠪᠰᠢᠶᠡᠷᠡᠯ ᠤᠨ ᠳᠦᠭᠦᠮᠴᠢᠯᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/4/22
      ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠦᠢᠯᠡᠴᠢᠯᠡᠭᠡ︾ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠥᠬᠦ ᠶᠠᠪᠤᠴᠠ ᠶᠢᠨ ᠡᠯ᠎ᠡ ᠬᠦᠷᠢᠶᠡᠨ ᠳᠤ ᠲᠤᠤᠱᠯᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠪᠣᠶ ᠪᠣᠯᠭᠠᠵᠤ᠂ ︽ᠲᠠᠨ ᠤ ᠰᠠᠨᠠᠭᠠᠨ ᠳᠤ ᠨᠡᠶᠢᠴᠡᠬᠦ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃       ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠤᠯᠠᠨ ᠲᠦᠮᠡᠨ ᠤ ᠠᠵᠢᠯ ᠶᠠᠪᠤᠳᠠᠯ ᠬᠢᠬᠦ ᠶᠢ ᠣᠶᠢᠯᠠᠭᠠᠬᠤ ᠲᠥᠷᠥᠭᠳᠡᠯ ᠢ ᠰᠠᠶᠢᠵᠢᠷᠠᠭᠤᠯᠬᠤ ᠳᠤ ᠰᠠᠭᠤᠷᠢᠯᠠᠵᠤ᠂ ᠳᠠᠩᠰᠠᠯᠠᠬᠤ ᠡᠷᠬᠡ ᠶᠢᠨ ᠬᠡᠪᠴᠢᠶ᠎ᠡ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠦᠨᠡᠮᠯᠡᠯ ᠠᠪᠬᠤ ᠶᠠᠪᠤᠴᠠ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠬᠡᠷᠡᠭ ᠶᠠᠪᠤᠳᠠᠯ ᠢ ᠡᠮᠬᠢᠯᠡᠬᠦ᠂ ᠶᠠᠪᠤᠴᠠ ᠶᠢ ᠲᠠᠬᠢᠨ ᠵᠣᠬᠢᠶᠠᠬᠤ᠂ ᠰᠢᠰᠲ᠋ᠧᠮ ᠲᠠᠢ ᠵᠣᠯᠭᠠᠭᠤᠯᠬᠤ ᠪᠠᠷ ᠳᠠᠮᠵᠢᠭᠤᠯᠵᠤ ︽ᠨᠢᠭᠡ ᠢᠵᠢ ᠮᠠᠲ᠋ᠧᠷᠢᠶᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ︾ ᠶᠢ ᠪᠡᠶᠡᠯᠡᠭᠦᠯᠵᠡᠢ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠵᠤ ᠣᠷᠣᠬᠤ ᠵᠥᠪᠰᠢᠶᠡᠷᠡᠯ ᠤᠨ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠰᠦᠯᠵᠢᠶᠡᠨ ᠳᠡᠭᠡᠷ᠎ᠡ ᠮᠡᠳᠡᠭᠦᠯᠬᠦ ᠲᠠᠪᠴᠠᠩ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ︾᠂ ᠰᠦᠯᠵᠢᠶᠡᠨ ᠭᠠᠳᠠᠨᠠᠬᠢ ᠲᠤᠰᠬᠠᠢ ᠬᠥᠮᠥᠨ ᠢᠶᠠᠷ ᠵᠢᠯᠣᠭᠤᠳᠤᠭᠤᠯᠬᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠪᠡᠶᠡᠯᠡᠭᠦᠯᠵᠦ᠂ ᠠᠳᠠᠯᠢ ᠪᠤᠰᠤ ᠡᠲᠡᠭᠡᠳ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠡᠷᠡᠭᠴᠡᠭᠡ ᠳᠤ ᠴᠢᠭᠯᠡᠭᠦᠯᠦᠨ ᠰᠠᠭᠠᠳ ᠦᠭᠡᠢ ᠨᠡᠪᠲᠡᠷᠡᠬᠦ ᠵᠠᠮ ᠬᠠᠩᠭᠠᠵᠤ᠂ ︽ᠨᠢᠭᠡ ᠴᠤᠩᠬᠤᠪᠴᠢ ᠪᠠᠷ ᠭᠦᠢᠴᠡᠳᠬᠡᠬᠦ︾ ᠣᠯᠠᠨ ᠠᠷᠭ᠎ᠠ ᠬᠡᠮᠵᠢᠶ᠎ᠡ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠷᠣᠬᠤ ᠵᠥᠪᠰᠢᠶᠡᠷᠡᠯ ᠢ ᠲᠦᠷᠭᠡᠳᠬᠡᠨ ᠠᠬᠢᠭᠤᠯᠬᠤ ᠶᠢ ᠪᠡᠶᠡᠯᠡᠭᠦᠯᠵᠦ᠂ ᠣᠲᠣ ᠪᠣᠯᠲᠠᠯ᠎ᠠ᠂ 2024 ᠣᠨ ᠳᠤ ᠴᠢᠩᠱᠠᠨ ᠲᠣᠭᠤᠷᠢᠭ ᠤᠨ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 2142 ᠡᠷᠦᠬᠡ ᠳᠤ ᠬᠦᠷᠴᠦ᠂ ᠰᠢᠨ᠎ᠡ ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠬᠥᠷᠥᠩᠭᠡ 191887 ᠲᠦᠮᠡᠨ ᠲᠥᠭᠦᠷᠢᠭ ᠲᠤ ᠬᠦᠷᠴᠡᠢ᠃       ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠨ ᠵᠥᠪᠰᠢᠶᠡᠷᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠦᠨ ᠵᠢᠷᠤᠮᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠳᠥᠭᠦᠮ ᠳᠥᠲᠡ᠂ ᠥᠨᠳᠥᠷ ᠪᠦᠲᠦᠮᠵᠢᠲᠡᠶ᠂ ᠲᠥᠪ ᠭᠤᠥᠯᠴᠢ ᠠᠵᠢᠯᠯᠠᠬᠤ ᠣᠷᠴᠢᠨ ᠨᠥᠬᠦᠴᠡᠯ ᠢ ᠬᠠᠩᠭᠠᠵᠤ᠂ ᠴᠢᠩᠱᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号