ᠬᠤᠩ ᠶᠤᠸᠠᠨ ᠵᠢᠯ ᠳᠤ 16GW ᠥᠨᠳᠥᠷ ᠪᠦᠲᠦᠮᠵᠢᠲᠡᠶ ᠨᠡᠷᠡᠨ ᠡᠨᠧᠷᠭᠢ ᠶᠢᠨ ᠳ᠋ᠢᠶᠠᠨ ᡂᠢ ᠶᠢᠨ ᠢᠯᠲᠠᠰᠤ ᠦᠢᠯᠡᠳᠪᠦᠷᠢᠯᠡᠬᠦ ᠲᠥᠷᠥᠯ ᠵᠦᠢᠯ 6 ᠰᠠᠷ᠎ᠠ ᠳᠤ ᠠᠰᠢᠭᠯᠠᠯᠲᠠ ᠳᠤ ᠣᠷᠣᠬᠤ ᠪᠠᠷ ᠪᠣᠶ
ᠨᠡᠶᠢᠲᠡᠯᠡᠭᠰᠡᠨ ᠴᠠᠭ᠄
2024/4/23
      ᠲᠤᠰ ᠲᠦᠷᠦᠯ ᠵᠦᠢᠯ ᠨᠢ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 81 ᠳ᠋ᠦᠩᠰᠢᠭᠤᠷ ᠲᠥᠭᠦᠷᠢᠭ ᠲᠤ ᠬᠦᠷᠴᠦ᠂ ᠲᠠᠯᠠᠪᠠᠢ ᠨᠢ 560 ᠮᠦ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 25.8 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ︔ ᠭᠤᠣᠯᠳᠠᠭᠤ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ᠂ ᠳ᠋ᠢᠶᠠᠨ ᡂᠢ ᠶᠢᠨ ᠦᠢᠯᠡᠳᠪᠦᠷᠢ ᠶᠢᠨ ᠲᠠᠰᠤᠭ᠂ ᠬᠤᠩ ᠶᠤᠸᠠᠨ ᠤ ᠲᠠᠪᠤᠳᠤᠭᠠᠷ ᠬᠤᠭᠤᠴᠠᠭᠠᠨ ᠤ ᠬᠥᠳᠡᠯᠭᠡᠬᠦ ᠬᠦᠴᠦᠨ ᠤ ᠲᠥᠪ᠂ ᠲᠦᠷᠪᠡᠨ ᠬᠥᠮᠥᠷᠭᠡ ᠲᠦᠷᠪᠡᠨ ᠬᠡᠢ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠦᠷᠳᠡᠭᠡ ᠵᠡᠷᠭᠡ ᠶᠢ ᠪᠦᠲᠦᠭᠡᠨ ᠪᠠᠶᠢᠭᠤᠯᠤᠨ᠎ᠠ᠃       ᠣᠲᠣ ᠪᠣᠯᠲᠠᠯ᠎ᠠ᠂ ᠲᠣᠰ ᠲᠥᠷᠥᠯ ᠵᠦᠢᠯ ᠤᠨ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠭᠠᠳ᠂ ᠨᠢᠭᠡᠨᠲᠡ 11 ᠦᠢᠯᠡᠳᠪᠦᠷᠢᠯᠡᠯ ᠤᠨ ᠱᠤᠭᠤᠮ ᠤᠨ ᠲᠥᠬᠦᠭᠡᠷᠦᠮᠵᠢ ᠶᠢ ᠵᠠᠬᠢᠶᠠᠯᠠᠨ ᠦᠢᠯᠡᠳᠴᠦ᠂ ᠲᠥᠯᠥᠪᠯᠡᠭᠡ ᠪᠠᠷ ᠲᠦᠷᠦᠭᠦᠸ ᠪᠦᠯᠦᠭ ᠤᠨ 7 ᠦᠢᠯᠡᠳᠪᠦᠷᠢᠯᠡᠯ ᠤᠨ ᠱᠤᠭᠤᠮ ᠤᠨ ᠲᠥᠬᠦᠭᠡᠷᠦᠮᠵᠢ ᠶᠢ 5 ᠳ᠋ᠤᠭᠠᠷ ᠰᠠᠷ᠎ᠠ ᠳᠤ ᠲᠠᠯᠠᠪᠠᠶ ᠳᠤ ᠣᠷᠣᠭᠤᠯᠤᠨ ᠤᠭᠰᠠᠷᠠᠬᠤ ᠶᠢᠨ ᠬᠠᠮᠲᠤ ᠲᠤᠷᠰᠢᠨ ᠲᠣᠬᠢᠷᠠᠭᠤᠯᠵᠤ᠂ ᠲᠥᠷᠥᠯ ᠵᠦᠢᠯ ᠢ 6 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号