ᠭᠡᠷᠡᠯ ᠭᠡᠭᠡ ᠨᠡᠶᠢᠭᠡᠮ ᠲᠣᠭᠤᠷᠢᠭ ᠤᠨ ᠬᠢᠨ ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/4/24
      29  ᠳ᠋ᠦ᠋ᠭᠡᠷ ︽ᠳᠡᠯᠡᠬᠡᠢ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠭᠡᠷᠡᠯ ᠭᠡᠭᠡ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ ᠤ ᠰᠤᠷᠤᠯᠴᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠪᠦᠬᠦ ᠠᠷᠠᠳ ᠢᠶᠠᠷ ᠢᠶᠠᠨ ᠨᠣᠮ ᠤᠩᠰᠢᠬᠤ ᠲᠠᠢ ᠤᠶᠠᠯᠳᠤᠭᠤᠯᠵᠤ᠂ 4 ᠰᠠᠷ᠎ᠠ ᠶᠢᠨ 23 ᠤ ᠡᠳᠦᠷ ᠳᠡᠯᠡᠬᠡᠢ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠳᠠᠭᠠᠭᠤᠯᠤᠨ ᠰᠤᠷᠤᠯᠴᠠᠬᠤ᠂ ᠲᠠᠭᠠᠨ ᠰᠤᠷᠤᠯᠴᠠᠬᠤ᠂ ᠰᠤᠷᠤᠯᠭ᠎ᠠ ᠬᠦᠷᠭᠡᠬᠦ ᠪᠠᠷ ᠳᠠᠮᠵᠢᠭᠤᠯᠵᠤ᠂ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠤᠯᠠᠨ ᠳᠡᠰ ᠳᠠᠪᠬᠤᠷᠭ᠎ᠠ ᠲᠠᠢ᠂ ᠥᠷᠭᠡᠨ ᠪᠦᠷᠬᠦᠴᠡ ᠲᠠᠢ᠂ ᠡᠩᠨᠡᠭᠡ ᠠᠴᠠ ᠪᠠᠨ ᠬᠤᠴᠣᠷᠤᠭᠤᠯᠬᠤ ᠦᠭᠡᠢ ᠪᠠᠶᠢᠬᠤ ᠶᠢ ᠪᠠᠲᠤᠯᠠᠵᠤ᠂ ᠨᠠᠮ ᠤᠨ ᠭᠡᠰᠢᠭᠦᠨ ᠤ ᠰᠤᠷᠤᠯᠴᠠᠯᠭ᠎ᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃       ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠡᠮᠵᠢᠨ᠂ ᠠᠬᠠᠮᠠᠳ ᠨᠠᠮ ᠤᠨ ᠭᠡᠰᠢᠭᠦᠨ ᠳᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠪᠠᠯ ᠵᠣᠬᠢᠬᠤ︾ ᠮᠠᠲ᠋ᠧᠷᠢᠶᠠᠯ ᠢ ᠬᠦᠷᠭᠡᠬᠦ ᠶᠢᠨ ᠬᠠᠮᠲᠤ  ᠲᠡᠳᠡᠨᠤᠰ  ᠲᠠᠢ ᠨᠢᠭᠤᠷᠳᠠᠨ ᠶᠠᠷᠢᠯᠴᠠᠵᠤ᠂ ᠠᠬᠠᠮᠠᠳ ᠨᠠᠮ ᠤᠨ ᠭᠡᠰᠢᠭᠦᠨ ᠤ ᠦᠵᠡᠯ ᠰᠠᠨᠠᠭᠠᠨ ᠤ ᠬᠥᠮᠦᠵᠢᠯ ᠤᠨ ᠲᠠᠯ᠎ᠠ ᠪᠠᠷ ︽ᠡᠩᠨᠡᠭᠡ ᠠᠴᠠ ᠪᠠᠨ ᠬᠤᠴᠣᠷᠬᠤ ᠦᠭᠡᠢ︾ ᠪᠠᠶᠢᠬᠤ ᠶᠢ ᠪᠠᠲᠤᠯᠠᠬᠤ ᠶᠢᠨ ᠬᠠᠮᠲᠤ᠂ ᠨᠡᠶᠢᠭᠡᠮ ᠲᠣᠭᠤᠷᠢᠭ ᠤᠨ ᠠᠵᠢᠯᠲᠠᠳ ᠠᠬᠠᠮᠠᠳ ᠨᠠᠮ ᠤᠨ ᠭᠡᠰᠢᠭᠦᠨ ᠢ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠳᠤ ᠦᠯᠡᠳᠡᠪᠦᠷᠢ ᠢᠯᠴᠢ ᠪᠠᠨ ᠪᠠᠳᠠᠷᠠᠭᠤᠯᠬᠤ ᠶᠢ ᠵᠣᠷᠢᠭᠵᠢᠭᠤᠯᠪᠠ᠃       ᠲᠤᠰ ᠤᠳᠠᠭ᠎ᠠ ᠶᠢᠨ ᠠᠵᠢᠯᠯᠠᠭ᠎ᠠ ᠨᠢ ᠠᠬᠠᠮᠠᠳ ᠨᠠᠮ ᠤᠨ ᠭᠡᠰᠢᠭᠦᠳ ᠲᠤ ᠭᠡᠷ ᠠᠴᠠ ᠪᠠᠨ ᠭᠠᠷᠬᠤ ᠦᠭᠡᠢ ᠪᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠢ ᠬᠦᠷᠲᠡᠭᠡᠵᠦ᠂ ᠨᠠᠮ ᠤᠨ ᠬᠠᠮᠤᠭ ᠤᠨ ᠰᠢᠨ᠎ᠡ ᠴᠢᠭᠯᠡᠯᠲᠡ ᠲᠦᠷᠦ ᠶᠢᠨ ᠪᠣᠳᠣᠯᠭ᠎ᠠ ᠶᠢ ᠣᠶᠢᠯᠠᠭᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠭᠦᠨᠵᠡᠭᠡᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠬᠠᠮᠠᠳ ᠨᠠᠮ ᠤᠨ ᠭᠡᠰᠢᠭᠦᠳ ᠲᠤ ᠰᠤᠷᠤᠯᠴᠠᠯᠭ᠎ᠠ ᠶᠢᠨ ᠳᠤᠮᠳᠠ ᠪᠠᠨ ᠤᠭ ᠰᠠᠨᠠᠭ᠎ᠠ ᠪᠠᠨ ᠤᠯᠠᠮ ᠴᠢᠨᠠᠭᠰᠢᠳᠠ ᠣᠶᠢᠯᠠᠭᠠᠭᠤᠯᠵᠤ᠂ ᠢᠲᠡᠭᠡᠯ ᠪᠢᠰᠢᠷᠡᠯ ᠢᠶᠠᠨ ᠪᠠᠲᠤᠳᠬᠠᠬᠤ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠭᠡᠷᠡᠯ ᠭᠡᠭᠡ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠤᠷᠤᠯᠭ᠎ᠠ ᠶᠢ ᠭᠡᠷ ᠲᠤᠨᠢ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠰᠤᠷᠤᠯᠴᠠᠬᠤ ᠠᠭᠤᠯᠭ᠎ᠠ ᠶᠢ ᠪᠠᠶᠠᠯᠢᠭᠵᠢᠭᠤᠯᠤᠨ᠂ ᠠᠬᠠᠮᠠᠳ ᠨᠠᠮ ᠤᠨ ᠭᠡᠰᠢᠭᠦᠨ ᠤ ᠬᠠᠷᠢᠶᠠᠯᠠᠭᠳᠠᠬᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠢᠷᠠᠭᠤ ᠠᠯᠳᠠᠷ ᠤᠨ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号