ᠵᠢᠯ ᠤᠨ ᠡᠬᠢᠨ ᠠᠴᠠ ᠨᠠᠭᠠᠰᠢ᠂ ᠴᠢᠩᠱᠠᠨ ᠲᠣᠭᠤᠷᠢᠭ ᠤᠨ ᠳᠡᠭᠡᠳᠦ ᠳᠣᠣᠷᠠᠳᠤ ᠱᠠᠲᠤᠨ ᠤ ᠬᠢᠨ ᠠᠵᠤ | ᠠᠬᠤᠢ ᠶᠢᠨ ᠰᠠᠶᠢᠨ ᠡᠬᠢᠯᠡᠯᠲᠡ ᠶᠢ ᠬᠦᠴᠦᠯᠡᠨ ᠠᠬᠢᠭᠤᠯᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠶᠢ ᠥᠨᠳᠥᠷ ᠪᠠᠶᠢᠷᠢᠨ ᠳᠤ ᠲᠠᠯᠪᠢᠵᠤ᠂ ᠪᠡᠯᠡ ᠣᠷᠣᠭᠤᠯᠤᠯᠲᠠ᠂ ᠬᠡᠷᠡᠭᠯᠡᠭᠡ ᠶᠢᠨ | ᠨᠡᠮᠡᠭᠳᠡᠯ ᠤᠨ ᠬᠠᠨᠳᠤᠰᠢ ᠶᠢ ᠲᠣᠭᠲᠠᠭᠤᠨ ᠢᠶᠠᠷ ᠨᠡᠮᠡᠭᠳᠡᠭᠦᠯᠵᠦ᠂ ᠠᠵᠤ ᠠᠬᠤᠢ ᠶᠢᠨ ᠠᠵᠢᠯᠯᠠᠭᠠᠨ ᠤ | ᠳᠡᠭᠡᠭᠰᠢᠯᠡᠯᠲᠡ ᠶᠢᠨ ᠰᠠᠶᠢᠵᠢᠷᠠᠯᠲᠠ ᠶᠢᠨ ᠬᠠᠨᠳᠤᠰᠢ ᠶᠢ ᠦᠷᠭᠦᠯᠵᠢᠯᠡᠨ ᠪᠠᠲᠤᠯᠠᠪᠠ᠃ ᠨᠢᠭᠡᠳᠦᠭᠡᠷ ᠤᠯᠠᠷᠢᠯ ᠳᠤ᠂ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 202.5 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ | ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ 5.6 ᠵᠠᠭᠤᠨ ᠤ ᠨᠢᠭᠡᠴᠢ ᠲᠦᠷᠭᠡᠨ ᠪᠣᠯᠵᠤ᠂ ᠲᠦᠷᠦᠭᠦᠸ ᠤᠯᠠᠷᠢᠯ ᠤᠨ ︽ᠰᠠᠶᠢᠨ | ᠡᠬᠢᠯᠡᠯᠲᠡ︾ ᠲᠠᠢ ᠪᠣᠯᠤᠭᠰᠠᠨ ᠪᠠᠶᠢᠨ᠎ᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ | ᠦᠢᠯᠡᠰ ᠤᠨ ᠨᠡᠮᠡᠭᠳᠡᠯ ᠥᠷᠲᠡᠭ 2.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ | 14.1% ᠪᠠᠷ ᠨᠡᠮᠡᠭᠳᠡᠵᠦ᠂ GDP ᠶᠢᠨ ᠨᠡᠮᠡᠭᠳᠡᠯ ᠢ 4.4 ᠵᠠᠭᠤᠨ ᠤ ᠨᠢᠭᠡᠴᠢ ᠳᠠᠶᠢᠴᠢᠯᠠᠪᠠ︔ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠦᠷᠳᠡᠭ 4.4% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠵᠦ᠂ ᠲᠣᠰ ᠲᠣᠰ | ᠲᠦᠷᠦᠭᠦᠸ ᠰᠠᠷ᠎ᠠ ᠪᠠ ᠠᠳᠠᠯᠢ ᠬᠤᠭᠤᠴᠠᠭᠠᠨ ᠤ ᠬᠢ ᠠᠴᠠ 0.2᠂ 17.7 ᠵᠠᠭᠤᠨ ᠤ ᠨᠢᠭᠡᠴᠢ ᠲᠦᠷᠭᠡᠨ ᠪᠣᠯᠵᠤ᠂ | ᠠᠵᠤ ᠦᠢᠯᠡᠳᠪᠦᠷᠢ ᠶᠢᠨ ᠦᠢᠯᠡᠳᠪᠦᠷᠢᠯᠡᠯ ᠥᠨᠳᠥᠷ ᠲᠦᠪᠰᠢᠨ ᠳᠤ ᠬᠥᠷᠪᠡ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 28.1% ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ | 4.9 ᠵᠠᠭᠤᠨ ᠤ ᠨᠢᠭᠡᠴᠢ ᠲᠦᠷᠭᠡᠨ ᠪᠣᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠲᠣᠭᠲᠠᠭᠤᠨ | ᠪᠠᠶᠢᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 71 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ | ᠨᠢ ᠪᠥᠬᠦ ᠬᠤᠲᠠ ᠶᠢᠨ ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 0.6 ᠵᠠᠭᠤᠨ ᠤ ᠨᠢᠭᠡᠴᠢ | ᠲᠦᠷᠭᠡᠳᠪᠡ᠃ ᠡᠭᠦᠨ ᠳᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ 13.6% ᠪᠠᠷ | ᠬᠢᠵᠠᠭᠠᠷᠯᠠᠵᠤ᠂ ᠬᠡᠷᠡᠭᠯᠡᠭᠡᠨ ᠤ ᠬᠡᠷᠡᠭᠴᠡᠭᠡ ᠶᠢ ᠪᠦᠲᠦᠮᠵᠢᠲᠡᠶ ᠪᠠᠷ ᠨᠡᠮᠡᠭᠳᠡᠭᠦᠯᠪᠡ᠃ | | | | |